ᠴᠠᠭᠠᠯᠠᠬᠤ ᠲᠠᠢ ᠬᠤᠯᠪᠤᠭᠳᠠᠭᠰᠠᠨ ᠴᠡᠭᠡᠷ ᠶᠤᠰᠤᠨ
ᠨᠡᠶᠢᠲᠡᠯᠡᠭᠰᠡᠨ ᠴᠠᠭ᠄
2024/2/8
       — ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠠᠴᠠ ᠵᠢᠷᠭᠤᠭᠠᠨ ᠬᠦᠷᠲᠡᠯ᠎ᠡ ᠭᠡᠷ ᠠᠴᠠ ᠪᠠᠨ ᠭᠠᠳᠠᠭᠰᠢ ᠡᠳ᠋  ᠶᠠᠭᠤᠮ᠎ᠠ ᠠᠪᠴᠤ ᠤᠳᠬᠤ ᠶᠢ ᠴᠡᠭᠡᠷᠯᠡᠨ᠎ᠡ᠃ ᠪᠡᠯᠡᠭ ᠤᠨ ᠵᠦᠢᠯ ᠡᠭᠦᠨ ᠳᠤ ᠦᠯᠦ ᠬᠠᠮᠢᠶᠠᠷᠤᠨ᠎ᠠ᠃             — ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠦᠷᠯᠦᠭᠡ ᠭᠠᠯ ᠢᠶᠠᠨ ᠬᠠᠭᠤᠴᠢᠨ ᠴᠤᠭ ᠢᠶᠠᠷ  ᠠᠰᠠᠭᠠᠬᠤ ᠶᠢ ᠴᠡᠭᠡᠷᠯᠡᠨ᠎ᠡ᠃             — ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠠᠶᠢᠯ ᠳᠤ ᠬᠤᠨᠤᠬᠤ ᠶᠢ ᠴᠡᠭᠡᠷᠯᠡᠨ᠎ᠡ᠃             — ᠴᠠᠭᠠᠨ ᠰᠠᠷ᠎ᠠ ᠶᠢᠨ ᠰᠢᠨᠡᠳ ᠢᠶᠠᠷ ᠠᠮᠢ ᠬᠤᠷᠤᠭᠠᠬᠤ ᠶᠢ ᠴᠡᠭᠡᠷᠯᠡᠨ᠎ᠡ᠃ ᠠᠮᠢᠲᠠᠨ ᠪᠠᠰᠠ ᠰᠢᠨᠡᠯᠡᠳᠡᠭ  ᠭᠡᠵᠦ ᠦᠵᠡᠳᠡᠭ᠃             — ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠤᠬᠢᠯᠠᠵᠤ ᠤᠨᠵᠢᠬᠤ ᠶᠢ ᠴᠡᠭᠡᠷᠯᠡᠨ᠎ᠡ᠃             — ᠴᠠᠭᠠᠨ ᠰᠠᠷ᠎ᠠ ᠶᠢᠨ ᠰᠢᠨ᠎ᠡ ᠶᠢᠨ ᠬᠤᠶᠠᠷ ᠲᠤ ᠭᠠᠳᠠᠭᠰᠢ ᠭᠠᠷᠬᠤ ᠶᠢ ᠴᠡᠬᠡᠷᠯᠡᠨ᠎ᠡ᠃ ᠭᠡᠬᠦ ᠳᠡᠭᠡᠨ  ᠰᠢᠨ᠎ᠡ ᠶᠢᠨ ᠨᠢᠭᠡᠨ ᠳᠤ ᠠᠶᠢᠯ ᠢᠶᠠᠷ ᠶᠠᠪᠤᠵᠤ ᠰᠢᠨᠡᠯᠡᠭᠰᠡᠨ ᠪᠤᠯ ᠬᠠᠮᠢᠶ᠎ᠠ ᠦᠭᠡᠢ᠃             — ᠴᠠᠭᠠᠨ ᠰᠠᠷ᠎ᠠ ᠶᠢᠨ ᠡᠳᠦᠷ ᠤᠳ ᠲᠤ ᠢᠷᠡᠭᠰᠡᠨ ᠵᠤᠴᠢᠳ ᠢ ᠡᠷ᠎ᠡ᠂ ᠡᠮ᠎ᠡ᠂ ᠶᠡᠭᠡ᠂ ᠪᠠᠭ᠎ᠠ᠂  ᠬᠦᠭᠰᠢᠨ᠂ ᠵᠠᠯᠠᠭᠤ ᠭᠡᠯ ᠦᠭᠡᠢ ᠵᠠᠪᠠᠯ ᠪᠡᠯᠡᠭ ᠦᠭᠴᠤ ᠭᠠᠷ ᠢ ᠴᠠᠶᠢᠯᠭᠠᠨ᠎ᠠ᠃ ᠭᠡᠬᠦ ᠳᠡᠭᠡᠨ ᠪᠡᠯᠡᠭ ᠨᠢ ᠦᠨ᠎ᠡ  ᠴᠡᠨᠡᠲᠡᠢ ᠪᠠᠶᠢᠬᠤ ᠠᠯᠪᠠ ᠦᠭᠡᠢ ᠪᠦᠭᠡᠳ ᠶᠤᠰᠤ ᠪᠡᠯᠭᠡ ᠶᠢ ᠪᠤᠳᠤᠭᠰᠠᠨ ᠪᠠᠶᠢᠪᠠᠯ ᠵᠤᠬᠢᠨ᠎ᠠ᠃             — ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠪᠡᠯᠭᠡ ᠦᠭᠡᠢ ᠦᠭᠡ ᠬᠡᠯᠡᠬᠦ ᠶᠢ ᠶᠡᠬᠡᠳᠡ ᠴᠡᠭᠡᠷᠯᠡᠨ᠎ᠡ᠃  ᠬᠡᠳᠦᠶᠢᠪᠡᠷ ᠬᠦᠨᠳᠦ ᠡᠪᠡᠳᠴᠢᠲᠡᠢ ᠪᠠᠶᠢᠯ᠎ᠠ ᠴᠤ ᠭᠡᠰᠡᠨ ᠶᠤᠰᠤᠨ ᠤ ᠳᠠᠭᠠᠤ ᠮᠡᠨᠳᠦ ᠤᠰᠤ ᠪᠠᠨ ᠮᠡᠳᠡᠯᠴᠡᠨ᠎ᠡ᠃ ᠡᠨᠡ  ᠨᠢ ︽ᠮᠤᠩᠭᠤᠯ ᠬᠦᠮᠦᠨ ᠠᠮᠠᠨ ᠤ ᠪᠡᠯᠭᠡ ᠪᠠᠷ᠂ ᠠᠮᠠᠨ ᠤ ᠪᠡᠯᠭᠡ ᠬᠠᠮᠢᠭᠠᠰᠢ ᠪᠠᠨ ᠪᠤᠯ ᠠᠰᠢᠳᠠ ᠶᠢᠨ ᠪᠡᠯᠭᠡ  ᠲᠡᠶᠢᠰᠢ ᠪᠠᠨ︾ ᠭᠡᠳᠡᠭ ᠮᠤᠩᠭᠤᠯᠴᠤᠳ ᠤᠨ ᠶᠤᠰᠤ ᠵᠠᠩᠰᠢᠯ ᠤᠨ ᠭᠤᠤᠯ ᠴᠦᠮ᠎ᠡ ᠪᠤᠯᠤᠭᠰᠠᠨ ᠪᠢᠴᠢᠭᠳᠡᠭᠡ ᠦᠭᠡᠢ  ᠬᠠᠤᠯᠢ ᠶᠢ ᠪᠠᠷᠢᠮᠲᠠᠯᠠᠵᠤ ᠪᠠᠶᠢᠭ᠎ᠠ ᠬᠡᠷᠡᠭ᠃ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠠᠶᠢᠯ ᠳᠤ ᠢᠷᠡᠭᠰᠡᠨ  ᠵᠤᠴᠢᠨ ᠠᠶᠢᠯ ᠤᠨ ᠪᠤᠳᠠᠭᠠᠨ ᠳᠤ ᠬᠦᠷᠬᠦ ᠳᠡᠭᠡᠨ ᠴᠠᠭᠠᠯᠠᠭ᠎ᠠ᠂ ᠴᠠᠭᠠᠨ ᠢᠳᠡᠭᠡᠨ ᠠᠴᠠ ᠡᠬᠢᠯᠡᠨ ᠠᠮᠰᠠᠵᠤ᠂ ᠶᠠᠪᠤᠬᠤ  ᠳᠠᠭᠠᠨ ᠮᠦᠨ ᠴᠠᠭᠠᠨ ᠢᠳᠡᠭᠡ ᠠᠮᠰᠠᠵᠤ ᠭᠠᠷᠤᠨ᠎ᠠ᠃ ᠡᠨᠡ ᠮᠡᠲᠦ ᠴᠠᠭᠠᠨ ᠰᠠᠷ᠎ᠠ ᠲᠠᠢ ᠬᠤᠯᠪᠤᠭᠠᠲᠠᠢ ᠶᠤᠰᠤ ᠲᠦᠷᠦ  ᠠᠷᠪᠢᠨ ᠪᠦᠭᠡᠳ ᠮᠤᠩᠭᠤᠯ ᠤᠨ ᠤᠯᠠᠨ ᠶᠠᠰᠤᠲᠠᠨ ᠦᠨᠳᠦᠰᠦᠲᠡᠨ᠂ ᠭᠠᠵᠠᠷ ᠤᠷᠤᠨ ᠳᠤ ᠦᠭᠡᠷ᠎ᠡ ᠦᠭᠡᠷ᠎ᠡ ᠪᠠᠶᠢᠬᠤ  ᠴᠤ ᠪᠤᠢ᠃ ᠴᠠᠭᠠᠨ ᠰᠠᠷ᠎ᠠ ᠪᠠᠷ ᠪᠠᠷᠢᠮᠲᠠᠯᠠᠳᠠᠭ ᠨᠡᠶᠢᠲᠡ ᠮᠤᠩᠭᠤᠯᠴᠤᠳ ᠤᠨ ᠲᠦᠭᠡᠮᠡᠯ ᠶᠤᠰᠤ ᠪᠤᠯ ᠲᠡᠷᠡ ᠵᠢᠯ ᠤᠨ  ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠢᠳᠡᠭᠡ ᠤᠮᠳᠠᠨ ᠤ ᠦᠩᠭᠡ ᠠᠮᠲᠠ ᠰᠢᠮᠲᠡ ᠠᠴᠠ ᠡᠬᠢᠯᠡᠭᠡᠳ᠂  ᠢᠷᠡᠭᠰᠡᠨ ᠭᠡᠶᠢᠴᠢᠨ ᠵᠤᠴᠢᠨ ᠤ ᠦᠭᠡ ᠶᠠᠷᠢᠶ᠎ᠠ᠂ ᠠᠭᠠᠰᠢ ᠠᠷᠠᠨᠰᠢᠨ ᠬᠦᠷᠲᠡᠯ᠎ᠡ ᠴᠦᠮ ᠰᠠᠶᠢᠨ ᠰᠠᠶᠢᠬᠠᠨ ᠪᠤᠯᠪᠠᠰᠤ  ᠲᠡᠷᠡ ᠨᠢᠭᠡᠨ ᠵᠢᠯ ᠳᠡᠭᠡᠨ ᠭᠡᠷ ᠬᠤᠳᠠᠯᠠᠭᠠᠷ ᠢᠶᠠᠨ ᠠᠮᠤᠷ ᠠᠮᠤᠭᠤᠯᠠᠩ᠂ ᠡᠯᠪᠡᠭ ᠳᠡᠯᠪᠡᠭ ᠪᠠᠶᠢᠨ᠎ᠠ ᠬᠡᠮᠡᠬᠦ ᠪᠡᠯᠭᠡᠳᠡᠯ  ᠶᠤᠮ᠃ 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ