ᠰᠣᠶᠣᠯ ᠤᠨ ᠢᠲᠡᠭᠡᠯ ᠢ ᠪᠦᠬᠦ ᠦᠨᠳᠦᠰᠦᠲᠡᠨ ᠤ ᠵᠣᠷᠢᠭ ᠰᠠᠨᠠᠭ᠎ᠠ ᠴᠤᠭ ᠰᠦᠯᠳᠡ᠂ ᠰᠣᠶᠣᠯ ᠤᠨ ᠬᠡᠪ ᠴᠢᠨᠠᠷ ᠲᠤ ᠠᠭᠤᠰᠤᠯᠴᠠᠭᠤᠯᠵᠤ᠂ ᠥᠪᠡᠷ ᠢ ᠪᠠᠨ ᠢᠲᠡᠭᠡᠬᠦ ᠥᠪᠡᠷᠲᠡᠭᠡᠨ ᠬᠦᠴᠦᠷᠬᠡᠭᠵᠢᠬᠦ᠂ ᠵᠣᠷᠢᠭᠲᠠᠢ ᠤᠷᠤᠭᠰᠢᠯᠠᠬᠤ ᠶᠢᠨ ᠪᠠᠲᠤ ᠪᠠᠬᠢ ᠬᠦᠴᠦᠨ ᠢ ᠨᠢᠭᠲᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/1
       ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠰᠣᠶᠣᠯ ᠤᠨ ᠢᠲᠡᠭᠡᠯ ᠪᠣᠯ ᠨᠡᠩ ᠰᠠᠭᠤᠷᠢ ᠲᠠᠢ᠂ ᠨᠡᠩ ᠥᠷᠭᠡᠨ ᠳᠡᠯᠭᠡᠷ᠂ ᠨᠡᠩ ᠭᠦᠨᠵᠡᠭᠡᠢ ᠢᠲᠡᠭᠡᠯ ᠪᠣᠯᠣᠨ᠎ᠠ᠂ ᠮᠥᠨᠴᠦ ᠨᠡᠩ ᠰᠠᠭᠤᠷᠢ ᠲᠠᠢ᠂ ᠨᠡᠩ ᠭᠦᠨᠴᠡ ᠲᠠᠢ᠂ ᠨᠡᠩ ᠲᠣᠭᠲᠠᠪᠤᠷᠢᠲᠠᠢ ᠬᠦᠴᠦᠨ ᠵᠦᠢᠯ ᠪᠣᠯᠣᠨ᠎ᠠ ᠭᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠨᠢ ᠰᠢᠨ᠎ᠡ ᠴᠠᠭ ᠦᠶ᠎ᠡ ᠲᠠᠢ ᠠᠭᠤᠰᠤᠯᠴᠠᠨ ᠨᠡᠪᠲᠡᠷᠡᠯᠴᠡᠵᠦ᠂ ᠠᠮᠢᠵᠢᠷᠠᠯ ᠤᠨ ᠬᠦᠴᠦᠨ ᠲᠠᠢ ᠪᠣᠯᠵᠤ᠂ ᠰᠣᠶᠣᠯ ᠤᠨ ᠢᠲᠡᠭᠡᠯ ᠣᠳᠣ ᠶᠠᠭ ᠪᠦᠬᠦ ᠦᠨᠳᠦᠰᠦᠲᠡᠨ ᠤ ᠣᠶᠣᠨ ᠰᠠᠨᠠᠭᠠᠨ ᠤ ᠮᠥᠨ ᠴᠢᠨᠠᠷ ᠪᠠ ᠰᠣᠶᠣᠯ ᠢᠷᠭᠡᠨᠰᠢᠯ ᠲᠠᠢ ᠠᠭᠤᠰᠤᠯᠴᠠᠨ᠂ ᠥᠪᠡᠷ ᠢ ᠪᠠᠨ ᠢᠲᠡᠭᠡᠬᠦ ᠥᠪᠡᠷᠲᠡᠭᠡᠨ ᠬᠦᠴᠦᠷᠬᠡᠭᠵᠢᠬᠦ᠂ ᠵᠣᠷᠢᠭᠲᠠᠢ ᠤᠷᠤᠭᠰᠢᠯᠠᠬᠤ ᠶᠢᠨ ᠪᠠᠲᠤ ᠪᠠᠬᠢ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃       ᠳᠤᠮᠳᠠᠳᠤ ᠤᠯᠤᠰ ᠪᠣᠯ ᠨᠢᠭᠡᠨ ᠠᠭᠤᠤ ᠶᠡᠭᠡ ᠤᠯᠤᠰ ᠮᠥᠷᠲᠡᠭᠡᠨ ᠤᠯᠠᠮᠵᠢᠯᠠᠯᠲᠤ ᠠᠭᠤᠤ ᠶᠡᠭᠡ ᠪᠣᠯᠪᠠᠰᠤᠨ ᠲᠠᠢ ᠤᠯᠤᠰ ᠶᠤᠮ᠃ 2024 ᠣᠨ ᠤ ᠰᠢᠨ᠎ᠡ ᠵᠢᠯ ᠤᠨ ᠪᠠᠶᠠᠷ ᠤᠨ ᠦᠭᠡᠰ ᠲᠡᠭᠡᠨ ᠲᠡᠷᠢᠭᠦᠯᠡᠭᠴᠢ ᠰᠢ ᠶᠢᠨ ᠫᠢᠩ ᠵᠢᠭᠠᠬᠤ ᠳᠠᠭᠠᠨ᠂ ᠠᠤᠭ᠎ᠠ ᠶᠡᠭᠡ ᠳᠤᠮᠳᠠᠳᠤ ᠤᠯᠤᠰ ᠤᠷᠲᠤ ᠤᠳᠠᠭᠠᠨ ᠲᠡᠦᠬᠡ ᠲᠠᠢ᠂ ᠠᠭᠤᠤ ᠶᠡᠭᠡ ᠪᠣᠯᠪᠠᠰᠤᠨ ᠲᠠᠢ ᠶᠤᠮ᠂ ᠡᠨᠡ ᠪᠣᠯ ᠪᠢᠳᠡᠨ ᠤ ᠢᠲᠡᠭᠡᠯ ᠤᠨ ᠰᠠᠭᠤᠷᠢ᠂ ᠬᠦᠴᠦᠨ ᠴᠢᠳᠠᠯ ᠤᠨ ᠡᠬᠡ ᠤᠨᠳᠤᠷᠤᠯ ᠪᠣᠯᠣᠨ᠎ᠠ ᠭᠡᠵᠡᠢ᠃ ᠢᠲᠡᠭᠡᠯ ᠲᠠᠢ ᠪᠣᠯ ᠰᠠᠶ᠋ᠢ ᠬᠦᠴᠦᠷᠬᠡᠭᠵᠢᠨ᠎ᠡ᠃ ᠰᠣᠶᠣᠯ ᠤᠨ ᠢᠲᠡᠭᠡᠯ ᠲᠠᠢ ᠦᠨᠳᠦᠰᠦᠲᠡᠨ ᠰᠠᠶ᠋ᠢ ᠲᠤᠯᠭᠠᠭᠤᠷᠢ ᠰᠠᠶᠢᠲᠠᠢ ᠵᠣᠭᠰᠤᠵᠤ᠂ ᠬᠤᠯᠠ ᠶᠠᠪᠤᠵᠤ ᠴᠢᠳᠠᠨ᠎ᠠ᠃ ᠰᠣᠶᠣᠯ ᠢ ᠤᠯᠠᠮᠵᠢᠯᠠᠵᠤ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠲᠠᠰᠤᠷᠠᠰᠢ ᠦᠭᠡᠢ ᠦᠷᠭᠦᠯᠵᠢᠯᠡᠵᠦ᠂ ᠭᠠᠢ ᠵᠣᠪᠠᠯᠠᠩ ᠳᠤ ᠣᠯᠠᠨ ᠲᠤᠯᠭᠠᠷᠠᠬᠰᠠᠨ ᠪᠣᠯᠪᠠᠴᠤ ᠭᠠᠩᠳᠠᠨ ᠪᠠᠭᠤᠷᠠᠭᠰᠠᠨ ᠦᠭᠡᠢ ᠶᠤᠮ᠂ ᠡᠨᠡ ᠪᠣᠯ ᠬᠦᠮᠦᠨ ᠲᠥᠷᠦᠯᠬᠢᠲᠡᠨ ᠤ ᠪᠣᠯᠪᠠᠰᠤᠨ ᠤ ᠭᠠᠶᠢᠬᠠᠮᠰᠢᠭ᠂ ᠮᠥᠨᠴᠦ ᠪᠢᠳᠡᠨ ᠤ ᠢᠲᠡᠭᠡᠯ ᠤᠨ ᠪᠠᠲᠤ ᠰᠠᠭᠤᠷᠢ ᠪᠣᠯᠣᠨ᠎ᠠ ᠭᠡᠵᠡᠢ᠃ ᠳᠤᠮᠳᠠᠳᠤ ᠶᠢᠨ ᠦᠨᠳᠦᠰᠦᠲᠡᠨ ᠤ ᠪᠣᠯᠪᠠᠰᠤᠨ ᠠᠤᠭ᠎ᠠ ᠭᠦᠨ᠂ ᠤᠷᠲᠤ ᠤᠳᠠᠭᠠᠨ ᠲᠡᠦᠬᠡ ᠲᠠᠢ ᠶᠤᠮ᠂ ᠮᠥᠨᠴᠦ ᠦᠨᠳᠦᠰᠦᠲᠡᠨ ᠨᠦᠭᠦᠳ ᠤᠨ ᠰᠢᠯᠢᠳᠡᠭ ᠰᠤᠶᠤᠯ ᠤᠳ ᠢᠶᠠᠷ ᠪᠦᠷᠢᠯᠳᠦᠭᠰᠡᠨ ᠶᠤᠮ᠃ ᠦᠨᠳᠦᠰᠦᠲᠡᠨ  ᠨᠦᠭᠦᠳ ᠤᠨ ᠰᠣᠶᠣᠯ ᠤᠨ ᠠᠭᠤᠰᠤᠯᠴᠠᠭᠠᠨ ᠤ ᠭᠡᠷᠡᠯ ᠰᠠᠴᠤᠷᠠᠩᠭᠤᠢ ᠲᠤᠰᠬᠠᠯ ᠪᠣᠯᠣᠨ᠎ᠠ᠂ ᠳᠤᠮᠳᠠᠳᠤ ᠶᠢᠨ ᠰᠣᠶᠣᠯ ᠤᠷᠲᠤ ᠤᠳᠠᠭᠠᠨ ᠮᠥᠷᠲᠡᠭᠡᠨ ᠴᠣ ᠰᠢᠨ᠎ᠡ ᠶᠤᠮ᠂ ᠡᠨᠡ ᠪᠣᠯ ᠥᠨᠥᠳᠦᠷ ᠤᠨ ᠪᠢᠳᠡᠨ ᠤ ᠰᠣᠶᠣᠯ ᠢᠶᠠᠨ ᠬᠦᠴᠦᠷᠬᠡᠭᠵᠢᠭᠦᠯᠬᠦ ᠶᠢᠨ ᠡᠬᠢ ᠪᠤᠯᠠᠭ ᠮᠥᠨ᠃       2022 ᠣᠨ ᠤ 7 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠳᠤ ᠠᠵᠢᠯ ᠰᠢᠨᠵᠢᠨ ᠪᠠᠶᠢᠴᠠᠭᠠᠬᠤ ᠦᠶ᠎ᠡ ᠵᠢᠭᠠᠬᠤ ᠳᠠᠭᠠᠨ᠂ ᠵᠠᠩᠭᠠᠷ᠂ ᠭᠡᠰᠡᠷ᠂ ᠮᠠᠨᠠᠰ ᠪᠣᠯ ᠪᠢᠳᠡᠨ ᠤ ᠴᠦᠬᠡᠨ ᠲᠣᠭᠠᠲᠤ ᠦᠨᠳᠦᠰᠦᠲᠡᠨ ᠤ ᠡᠷᠬᠢᠮ ᠨᠠᠨᠳᠢᠨ ᠥᠪ ᠬᠦᠷᠦᠩᠭᠡ ᠪᠣᠯᠣᠨ᠎ᠠ᠂ ᠮᠥᠨᠴᠦ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠨᠠᠨᠳᠢᠨ ᠰᠠᠩ ᠳᠠᠬᠢ ᠡᠷᠬᠢᠮ ᠨᠠᠨᠳᠢᠨ ᠥᠪ ᠬᠥᠷᠦᠩᠭᠡ ᠪᠣᠯᠣᠨ᠎ᠠ᠂ ᠮᠠᠨᠠᠰ ᠭᠡᠬᠦ ᠡᠨᠡ ᠬᠦ ᠲᠤᠤᠯᠢ ᠶᠢ ᠰᠠᠶᠢᠲᠤᠷ ᠬᠠᠮᠠᠭᠠᠯᠠᠵᠤ᠂ ᠤᠯᠠᠯᠮᠵᠢᠯᠠᠵᠤ᠂ ᠪᠠᠳᠠᠷᠠᠭᠤᠯᠬᠤ ᠶᠢ ᠬᠦᠰᠡᠨ ᠵᠦᠩᠨᠡᠵᠦ ᠪᠠᠶᠢᠨ᠎ᠠ ᠭᠡᠵᠡᠢ᠃ ᠪᠢᠲᠡᠭᠦᠨ ᠳᠤ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ 2024 ᠣᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠭᠤᠣᠯ ᠲᠠᠯᠠᠪᠤᠷ ᠲᠤ ᠤᠷᠠᠯᠢᠭᠴᠢᠳ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠤᠷᠪᠠᠨ ᠶᠡᠭᠡ ᠪᠠᠭᠠᠲᠤᠷᠯᠢᠭ ᠲᠤᠤᠯᠢ ᠶᠢ ᠬᠠᠮᠲᠤ ᠪᠠᠷ ᠬᠠᠶᠢᠯᠠᠵᠤ ᠰᠣᠨᠢᠷᠬᠠᠭᠤᠯᠤᠭᠰᠠᠨ ᠦᠶ᠎ᠡ ᠳᠤ ᠺᠢᠷᠭᠢᠰ ᠦᠨᠳᠦᠰᠦᠲᠡᠨ ᠤ ᠪᠠᠭᠠᠲᠤᠷᠯᠢᠭ ᠲᠤᠤᠯᠢ ︽ᠮᠠᠨᠠᠰ︾ ᠨᠢ ᠬᠥᠮᠥᠰ ᠤᠨ ᠠᠩᠬᠠᠷᠤᠯ ᠢ ᠲᠠᠲᠠᠭᠰᠠᠨ ᠪᠠᠶᠢᠨ᠎ᠠ᠃ ᠾᠧᠽᠢᠯᠰᠦ ᠶᠢᠨ ᠺᠢᠷᠭᠢᠰ ᠥᠪᠡᠷᠲᠡᠭᠡᠨ ᠵᠠᠰᠠᠬᠤ ᠵᠧᠦ ᠶᠢᠨ ᠳᠠᠭᠤᠤ ᠪᠥᠵᠢᠭ ᠤᠨ ᠪᠦᠯᠬᠦᠮ ᠤᠨ ᠨᠠᠮ ᠤᠨ ᠡᠭᠦᠷ ᠤᠨ ᠱᠦᠵᠢ ᠶᠠᠩ ᠬᠤᠸᠠ ᠮᠢᠩ ᠬᠡᠯᠡᠬᠦ ᠳᠡᠭᠡᠨ᠂ ︽ᠮᠠᠨᠠᠰ︾ ᠪᠣᠯ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ ᠵᠠᠩ ᠴᠢᠨᠠᠷ᠂ ᠡᠬᠡ ᠣᠷᠣᠨ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠮᠠᠨ ᠤ ᠤᠯᠠᠮᠵᠢᠯᠠᠯᠲᠤ ᠰᠢᠯᠢᠳᠡᠭ ᠰᠣᠶᠣᠯ ᠪᠣᠯᠣᠨ᠎ᠠ᠃ ᠪᠢᠳᠠ ︽ᠮᠠᠨᠠᠰ︾ ᠢ ᠰᠠᠶᠢᠨ ᠤᠯᠠᠮᠵᠢᠯᠠᠨ᠂ ᠰᠠᠶᠢᠨ ᠪᠠᠳᠠᠷᠠᠭᠤᠯᠵᠤ᠂ ᠪᠦᠬᠦ ᠤᠯᠤᠰ ᠤᠨ ᠠᠷᠠᠳ ᠲᠦᠮᠡᠨ ᠴᠢᠨᠠᠭᠰᠢᠯᠠᠨ ᠪᠦᠬᠦ ᠳᠡᠯᠡᠬᠡᠢ ᠶᠢᠨ ᠠᠷᠠᠳ ᠲᠦᠮᠡᠨ ᠳᠤ ︽ᠮᠠᠨᠠᠰ︾ ᠤᠨ ᠭᠦᠨᠵᠡᠭᠡᠢ ᠠᠭᠤᠯᠤᠭᠳᠠᠬᠤᠨ ᠢ ᠰᠠᠶᠢᠨ ᠣᠶᠢᠯᠠᠭᠠᠭᠤᠯᠬᠤ ᠪᠣᠯᠣᠨ᠎ᠠ ᠭᠡᠵᠡᠢ᠃       ᠰᠢᠨ᠎ᠡ ᠴᠠᠭ ᠦᠶ᠎ᠡ ᠨᠢ ᠰᠢᠯᠢᠳᠡᠭ ᠭᠠᠷᠮᠠᠭᠠᠢ ᠵᠣᠬᠢᠶᠠᠯᠴᠢ᠂ ᠤᠷᠠᠯᠢᠭᠴᠢ᠂ ᠣᠨᠣᠯᠴᠢ ᠶᠢ ᠤᠷᠢᠶᠠᠯᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠡᠷᠳᠡᠮ ᠰᠢᠨᠵᠢᠯᠡᠭᠡᠨ ᠤ ᠡᠭᠦᠳᠦᠯᠲᠡ ᠰᠢᠨᠡᠴᠢᠯᠡᠯᠲᠡ ᠳᠤ ᠬᠠᠷᠢᠴᠠᠯᠠᠰᠢ ᠦᠭᠡᠢ ᠥᠷᠭᠡᠨ ᠠᠭᠤᠳᠠᠮ ᠣᠷᠣᠨ ᠵᠠᠢ ᠶᠢ ᠬᠠᠩᠭᠠᠵᠤ ᠪᠠᠶᠢᠨ᠎ᠠ᠃ 2019 ᠣᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠶᠡᠷᠦᠩᠬᠡᠢ ᠱᠦᠵᠢ ᠰᠢ ᠶᠢᠨ ᠫᠢᠩ ᠤᠯᠤᠰ ᠲᠥᠷᠥ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶᠠᠨ ᠤ ᠬᠤᠷᠠᠯᠳᠤᠭᠠᠨ ᠳᠤ ᠣᠷᠣᠯᠴᠠᠵᠤ ᠪᠠᠶᠢᠭᠰᠠᠨ ᠤᠳᠬ᠎ᠠ ᠤᠷᠠᠯᠢᠭ ᠤᠨ ᠡᠲᠡᠭᠡᠳ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠭᠡᠰᠢᠭᠦᠳ ᠢ ᠡᠷᠭᠢᠨ ᠦᠵᠡᠬᠦ ᠦᠶ᠎ᠡ ᠴᠢᠬᠤᠯᠠᠴᠢᠯᠠᠬᠤ ᠳᠠᠭᠠᠨ᠂ ᠰᠣᠶᠣᠯ ᠤᠨ ᠢᠲᠡᠭᠡᠯ ᠢᠶᠠᠨ ᠪᠠᠲᠤᠳᠬᠠᠨ᠂ ᠴᠠᠭ ᠦᠶ᠎ᠡ ᠶᠢᠨ ᠤᠷᠤᠰᠬᠠᠯ ᠢ ᠡᠵᠡᠮᠳᠡᠵᠦ᠂ ᠴᠠᠭ ᠦᠶ᠎ᠡ ᠶᠢᠨ ᠳᠠᠭᠤᠨ ᠢ ᠰᠣᠨᠣᠰᠴᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ᠂ ᠠᠷᠠᠳ ᠲᠦᠮᠡᠨ ᠢᠶᠠᠷ ᠭᠤᠣᠯ ᠪᠣᠯᠭᠠᠵᠤ᠂ ᠰᠢᠯᠢᠳᠡᠭ ᠪᠦᠲᠦᠭᠡᠯ ᠢᠶᠠᠨ ᠠᠷᠠᠳ ᠲᠦᠮᠡᠨ ᠳᠤ ᠡᠷᠭᠦᠨ ᠳᠡᠪᠰᠢᠭᠦᠯᠵᠦ᠂ ᠰᠠᠶᠢᠨ ᠰᠠᠶᠢᠬᠠᠨ ᠶᠣᠰᠣ ᠰᠤᠷᠲᠠᠯ ᠢᠶᠠᠷ ᠴᠠᠭ ᠦᠶ᠎ᠡ ᠶᠢᠨ ᠤᠷᠤᠰᠬᠠᠯ ᠢ ᠵᠢᠯᠣᠭᠤᠳᠬᠤ ᠬᠡᠷᠡᠭᠲᠡᠢ ᠭᠡᠵᠡᠢ᠃       ᠶᠡᠷᠦᠩᠬᠡᠢ ᠱᠦᠵᠢ ᠰᠢ ᠶᠢᠨ ᠫᠢᠩ ᠬᠡᠯᠡᠬᠦ ᠳᠡᠭᠡᠨ᠂ ᠮᠠᠨ ᠤ ᠡᠨᠡ ᠴᠠᠭ ᠦᠶ᠎ᠡ ᠶᠢᠨ ᠲᠡᠦᠬᠡ ᠶᠢᠨ ᠠᠰᠤᠷᠤ ᠶᠡᠭᠡ ᠬᠤᠪᠢᠷᠠᠯᠲᠠ ᠶᠢ ᠭᠦᠨᠵᠡᠭᠡᠢ ᠲᠤᠰᠬᠠᠵᠤ᠂ ᠮᠠᠨ ᠤ ᠡᠨᠡ ᠴᠠᠭ ᠦᠶ᠎ᠡ ᠶᠢᠨ ᠵᠣᠷᠢᠭ ᠰᠠᠨᠠᠭᠠᠨ ᠤ ᠴᠠᠳᠢᠭ ᠢ ᠪᠢᠴᠢᠭᠯᠡᠵᠦ᠂ ᠴᠠᠭ ᠦᠶ᠎ᠡ ᠶᠢᠨ ᠳᠦᠷᠢ ᠲᠥᠷᠬᠦ ᠶᠢ ᠴᠣᠭᠴᠠᠯᠠᠵᠤ᠂ ᠴᠠᠭ ᠦᠶ᠎ᠡ ᠶᠢᠨ ᠲᠡᠦᠬᠡ ᠶᠢ ᠪᠢᠴᠢᠭᠯᠡᠵᠦ᠂ ᠴᠠᠭ ᠦᠶ᠎ᠡ ᠶᠢᠨ ᠰᠢᠯᠢᠳᠡᠭ ᠰᠠᠶᠢᠬᠠᠨ ᠶᠣᠰᠣ ᠰᠤᠷᠲᠠᠯ ᠢ ᠪᠣᠢ ᠪᠣᠯᠭᠠᠬᠤ ᠬᠡᠷᠡᠭᠲᠡᠢ ᠭᠡᠵᠡᠢ᠃ 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ