︽ᠬᠢᠴᠢᠶᠡᠯ ᠰᠤᠨᠤᠰᠬᠤ︾ ᠭᠡᠯᠪᠡᠷᠢ ᠶᠢᠨ ᠰᠢᠨ᠎ᠡ ᠶᠢ ᠡᠭᠦᠳᠴᠦ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/1
       ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠳᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠣᠯ ᠵᠠᠩᠭᠢᠯᠠᠭ᠎ᠠ ᠪᠣᠯᠣᠨ᠎ᠠ᠃ ᠨᠢᠳᠤᠨᠤᠨ ᠤ 10 ᠰᠠᠷ᠎ᠠ ᠳᠤ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ ᠱᠠᠭᠠᠷᠳᠠᠯᠭ᠎ᠠ ᠶᠢ ᠴᠢᠨᠠᠭᠰᠢᠳᠠ ᠵᠢᠷᠤᠮᠵᠢᠭᠤᠯᠬᠤ ᠲᠤᠬᠠᠢ ᠮᠡᠳᠡᠭᠳᠡᠯ︾ ᠭᠠᠷᠭᠠᠵᠤ᠂ ᠰᠤᠷᠭᠠᠭᠤᠯᠢ ᠶᠢᠨ ᠵᠠᠬᠢᠷᠤᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠬᠢᠴᠢᠶᠡᠯ ᠲᠦᠷᠦᠯ ᠤᠨ ᠵᠢᠭᠠᠬᠤ ᠶᠢ ᠰᠤᠳᠤᠯᠬᠤ ᠳᠤᠭᠤᠶᠢᠯᠠᠩ ᠤᠨ ᠬᠠᠮᠲᠤ ᠶᠢᠨ ᠬᠢᠴᠢᠶᠡᠯ ᠪᠡᠯᠡᠳᠬᠡᠬᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠣᠯᠢᠯᠴᠠᠭ᠎ᠠ ᠵᠡᠷᠭᠡ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠤᠯᠴᠠᠬᠤ ᠶᠢᠨ ᠬᠠᠮᠲᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠳᠤᠮᠳᠠ ᠵᠢᠱᠢᠶ᠎ᠡ ᠦᠵᠡᠭᠦᠯᠭᠦ᠂ ᠲᠦᠷᠦᠭᠦᠴᠢ ᠭᠠᠯᠠᠭᠤ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠪᠠᠰᠠ ︽ᠪᠠᠶᠢᠭᠤᠯᠭ᠎ᠠ ᠶᠢᠨ ᠤᠳᠤᠷᠢᠳᠬᠤ ᠺᠠᠳ᠋ᠷᠴᠤᠳ ᠤᠨ︿ᠬᠢᠴᠢᠶᠡᠯ ᠰᠤᠨᠤᠰᠬᠤ﹀ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ᠪᠠᠭᠤᠯᠭᠠᠵᠤ᠂ ᠬᠤᠲᠠ᠂ ᠲᠣᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ ᠤᠨ︽ᠬᠢᠴᠢᠶᠡᠯ ᠰᠤᠨᠤᠰᠬᠤ︾ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠥᠨᠳᠥᠷ ᠪᠦᠲᠦᠮᠵᠢᠲᠡᠶ ᠪᠠᠶᠢᠩᠭᠤ ᠶᠢᠨ ᠬᠢᠴᠢᠶᠡᠯ ᠤᠨ ᠲᠠᠩᠬᠢᠮ ᠢ ᠪᠤᠶ ᠪᠤᠯᠭᠠᠬᠤ ᠪᠠᠷ ᠲᠣᠭᠲᠠᠪᠠ᠃ ᠡᠨᠡ ᠬᠦ ᠬᠤᠶᠠᠷ ᠮᠡᠳᠡᠭᠳᠡᠯ ᠳᠤ ᠰᠤᠷᠭᠠᠭᠤᠯᠢ  ᠶᠢᠨ ᠵᠠᠬᠢᠷᠤᠯ ᠬᠤᠭᠤᠴᠠᠭ᠎ᠠ ᠪᠦᠷᠢ 60 ᠴᠠᠭ ᠠᠴᠠ ᠳᠡᠭᠡᠭᠰᠢ ᠬᠢᠴᠢᠶᠡᠯ ᠰᠤᠨᠤᠰᠬᠤ ᠬᠡᠷᠡᠭᠲᠡᠢ᠂ ᠳᠡᠳ᠋ ᠵᠠᠬᠢᠷᠤᠯ  ᠬᠤᠭᠤᠴᠠᠭ᠎ᠠ ᠪᠦᠷᠢ 80 ᠴᠠᠭ ᠠᠴᠠ ᠳᠡᠭᠡᠭᠰᠢ ᠬᠢᠴᠢᠶᠡᠯ ᠰᠤᠨᠤᠰᠬᠤ ᠬᠡᠷᠡᠭᠲᠡᠢ᠃ ᠬᠤᠲᠠ  ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠭ᠎ᠠ  ᠶᠢᠨ ᠤᠳᠤᠷᠢᠳᠬᠤ ᠺᠠᠳ᠋ᠷᠴᠤᠳ ᠬᠤᠭᠤᠴᠠᠭ᠎ᠠ ᠪᠦᠷᠢ ᠠᠳᠠᠭ ᠲᠠᠭᠠᠨ10 ᠴᠠᠭ ᠤᠨ ᠬᠢᠴᠢᠶᠡᠯ ᠰᠣᠨᠣᠰᠤᠭᠰᠠᠨ ᠪᠠᠶᠢᠬᠤ ᠬᠡᠷᠡᠭᠲᠡᠢ ᠭᠡᠵᠦ ᠱᠠᠭᠠᠷᠳᠠᠪᠠ᠃       ᠨᠢᠳᠤᠨᠤᠨ ᠤ 12 ᠰᠠᠷ᠎ᠠ ᠶᠢᠨ ᠡᠬᠢ ᠪᠠᠷ᠂  ᠪᠤᠭᠤᠲᠤ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠬᠢᠴᠢᠶᠡᠯ ᠤᠨ ᠲᠠᠩᠬᠢᠮ ᠳᠤ ᠨᠢᠭᠡᠨ ︽ᠤᠨᠴᠠᠭᠠᠢ ᠰᠤᠷᠤᠬᠴᠢ︾ ᠰᠠᠭᠠᠲᠠᠯ᠎ᠠ᠃  ᠲᠡᠷᠡ ᠠᠩᠭᠢ ᠶᠢᠨ ᠭᠡᠷ ᠤᠨ ᠬᠠᠮᠤᠭ ᠤᠨ ᠠᠷᠤ ᠪᠠᠷ ᠰᠠᠭᠤᠵᠤ᠂  ᠪᠠᠭᠰᠢ ᠶᠢᠨ ᠲᠠᠶᠢᠯᠪᠤᠷᠢᠯᠠᠬᠤ ᠶᠢ ᠰᠡᠳᠬᠢᠯ ᠲᠠᠯᠪᠢᠨ ᠰᠣᠨᠣᠰᠴᠤ᠂ ᠵᠢᠭᠠᠨ ᠰᠤᠷᠭᠠᠬᠤ ᠠᠷᠭ᠎ᠠ ᠪᠣᠯᠣᠨ ᠰᠤᠷᠤᠬᠴᠢᠳ ᠤᠨ ᠬᠢᠴᠢᠶᠡᠯ ᠤᠨ ᠲᠠᠩᠬᠢᠮ ᠤᠨ ᠢᠯᠡᠷᠡᠯ ᠢ ᠨᠠᠷᠢᠨ ᠬᠢᠨᠠᠮᠠᠭᠠᠢ ᠠᠵᠢᠭᠯᠠᠬᠤ ᠶᠢᠨ ᠬᠠᠮᠲᠤ ᠬᠢᠴᠢᠶᠡᠯ ᠰᠣᠨᠣᠰᠤᠭᠰᠠᠨ ᠲᠥᠷᠥᠭᠳᠡᠯ ᠢᠶᠠᠨ ᠲᠡᠮᠳᠡᠭᠯᠡᠯ ᠤᠨ ᠳᠡᠪᠲᠡᠷ ᠳᠡᠭᠡᠷ᠎ᠡ ᠪᠠᠨ ᠨᠠᠷᠢᠨ ᠬᠢᠨᠠᠮᠠᠭᠠᠢ ᠲᠡᠮᠳᠡᠭᠯᠡᠵᠦ ᠪᠠᠶᠢᠯ᠎ᠠ᠃       ᠤᠷᠢᠳᠴᠢᠯᠠᠨ ᠮᠡᠳᠡᠭᠳᠡᠬᠦ ᠦᠭᠡᠢ ᠪᠠᠷ ᠬᠢᠴᠢᠶᠡᠯ ᠤᠨ ᠬᠦᠰᠦᠨᠦᠭ ᠢᠶᠠᠷ ᠬᠢᠴᠢᠶᠡᠯ ᠢᠶᠠᠨ ᠰᠣᠩᠭᠤᠵᠤ᠂ ᠳᠤᠷ᠎ᠠ ᠶᠢᠨ ᠨᠢᠭᠡᠨ ᠠᠩᠭᠢ ᠳᠤ ᠬᠦᠷᠴᠦ ᠬᠢᠴᠢᠶᠡᠯ ᠰᠣᠨᠣᠰᠳᠠᠭ ᠪᠠᠭᠰᠢ ᠰᠤᠷᠤᠬᠴᠢᠳ ᠤᠨ ᠨᠢᠳᠦᠨ ᠳᠠᠬᠢ ᠡᠨᠡᠬᠦ ︽ᠤᠨᠴᠠᠭᠠᠢ ᠰᠤᠷᠤᠬᠴᠢ︾ᠪᠣᠯ ᠳᠠᠷᠤᠢ ᠪᠤᠭᠤᠲᠤ ᠬᠤᠲᠠ  ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠪᠣᠯᠣᠨ᠎ᠠ᠃ ᠲᠡᠷᠡ ᠲᠦᠷᠦᠭᠦᠯᠡᠨ ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠰᠣᠨᠣᠰᠴᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠶᠢᠳᠠᠯ ᠢ ᠣᠶᠢᠯᠠᠭᠠᠵᠤ ᠪᠠᠶᠢᠯ᠎ᠠ᠃ ᠤᠷᠢᠳ ᠬᠤᠵᠢᠳ ᠲᠣᠭᠠᠨ ᠤ ᠤᠬᠠᠭᠠᠨ ᠤ ᠬᠢᠴᠢᠶᠡᠯ᠂ ᠬᠢᠮᠢ ᠶᠢᠨ ᠬᠢᠴᠢᠶᠡᠯ᠂ ᠠᠩᠭ᠍ᠯᠢ ᠬᠡᠯᠡᠨ ᠤ ᠬᠢᠴᠢᠶᠡᠯ ᠢ ᠰᠣᠨᠣᠰᠤᠭᠰᠠᠨ ᠤ ᠳᠠᠷᠠᠭ᠎ᠠ ᠯᠢ ᠵᠢᠶᠦ᠋ᠨ ᠬᠢᠴᠢᠶᠡᠯ ᠲᠦᠷᠦᠯ ᠤᠨ ᠪᠠᠭᠰᠢ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠳᠤᠭᠤᠶᠢᠯᠠᠩ ᠤᠨ ᠳᠠᠷᠤᠭ᠎ᠠ ᠪᠠ ᠰᠤᠷᠭᠠᠭᠤᠯᠢ ᠶᠢᠨ ᠤᠳᠤᠷᠢᠳᠤᠯᠭ᠎ᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠭᠤᠯᠭ᠎ᠠ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ᠂ ᠬᠢᠴᠢᠶᠡᠯ ᠤᠨ ᠦᠷ᠎ᠡ ᠪᠦᠲᠦᠮᠵᠢ ᠵᠢᠴᠢ ᠭᠤᠣᠯᠯᠠᠬᠤ ᠬᠡᠪ ᠪᠣᠯᠪᠠᠰᠤᠷᠠᠯ ᠤᠨ ᠬᠥᠮᠦᠵᠢᠯ ᠵᠡᠷᠭᠡ ᠲᠠᠯ᠎ᠠ ᠪᠠᠷ ᠨᠠᠷᠢᠨ ᠨᠢᠮᠪᠠᠢ ᠰᠤᠳᠤᠯᠤᠨ ᠶᠠᠷᠢᠯᠴᠠᠭᠰᠠᠨ ᠪᠠᠶᠢᠯ᠎ᠠ᠃       ︽ᠯᠢ ᠲᠣᠪᠴᠢᠶᠠᠨ ᠳᠠᠷᠤᠭ᠎ᠠ ᠮᠠᠨ ᠤ ᠪᠠᠭᠰᠢ ᠶᠢᠨ ᠬᠢᠴᠢᠶᠡᠯ ᠤᠨ ᠲᠠᠩᠬᠢᠮ ᠤᠨ ᠬᠤᠷᠰᠢᠯᠴᠠᠬᠤ᠂ ᠰᠡᠩᠬᠡᠷᠡᠭᠦᠯᠬᠦ ᠮᠠᠶ᠋ᠢᠭ ᠤᠨ ᠵᠢᠭᠠᠨ ᠰᠤᠷᠭᠠᠯᠲᠠ ᠳᠤ ᠨᠤᠲᠠᠯᠠᠯᠲᠠ ᠥᠭᠴᠡᠢ᠃ ᠲᠡᠷᠡ ᠪᠣᠯᠪᠠᠰᠤᠷᠠᠬᠤ ᠴᠠᠭᠠᠰᠤ ᠶᠢ ᠳᠦᠷᠢᠮᠵᠢᠭᠦᠨ ᠬᠡᠷᠡᠭᠯᠡᠬᠦ ᠲᠤᠬᠠᠢ ᠪᠠᠭᠰᠢ ᠠᠴᠠ ᠰᠠᠨᠠᠭᠤᠯᠤᠭᠰᠠᠨ ᠶᠠᠪᠤᠳᠠᠯ ᠢ ᠮᠠᠭᠲᠠᠨ ᠰᠠᠶᠢᠰᠢᠶᠠᠵᠤ᠂ ᠰᠤᠷᠤᠬᠴᠢᠳ ᠤᠨ ᠪᠢᠴᠢᠭ ᠤᠨ ᠰᠢᠷᠡᠭᠡᠨ ᠳᠡᠭᠡᠷ᠎ᠡ ᠰᠤᠷᠤᠯᠴᠠᠬᠤ ᠮᠠᠲ᠋ᠧᠷᠢᠶᠠᠯ ᠢᠶᠠᠨ ᠭᠡᠳᠦ ᠣᠪᠣᠭᠠᠯᠠᠭᠠᠳ ᠪᠢᠴᠢᠭ ᠪᠢᠴᠢᠬᠦ ᠶᠢ ᠨᠢ ᠨᠥᠯᠥᠭᠡᠯᠡᠵᠦ ᠪᠠᠶᠢᠬᠤ ᠶᠢ ᠦᠵᠡᠭᠡᠳ᠂ ᠰᠤᠷᠭᠠᠭᠤᠯᠢ ᠠᠴᠠ ᠬᠢᠴᠢᠶᠡᠯ ᠤᠨ ᠭᠡᠷ ᠲᠤ ᠨᠣᠮ ᠤᠨ ᠬᠤᠷᠭᠤ ᠲᠣᠬᠢᠷᠠᠭᠤᠯᠵᠤ᠂ ᠨᠡᠩ ᠰᠠᠶᠢᠨ ᠨᠡᠩ ᠡᠷᠡᠭᠦᠯ ᠰᠠᠷᠠᠭᠤᠯ ᠰᠤᠷᠤᠯᠴᠠᠭᠤᠯᠬᠤ ᠶᠢ ᠰᠠᠨᠠᠭᠤᠯᠤᠭᠰᠠᠨ ᠪᠠᠶᠢᠨ᠎ᠠ︾ᠭᠡᠵᠦ ᠪᠤᠭᠤᠲᠤ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠼᠤᠤ ᠼᠤᠩ ᠮᠢᠩ ᠶᠠᠷᠢᠵᠤ ᠪᠠᠶᠢᠯ᠎ᠠ᠃ ᠨᠠᠷᠢᠨ ᠵᠦᠢᠯᠡᠰ ᠢᠯᠠᠵᠤ ᠢᠯᠠᠭᠳᠠᠬᠤ ᠶᠢ ᠲᠣᠭᠲᠠᠭᠠᠳᠠᠭ᠂ ᠯᠢ ᠲᠣᠪᠴᠢᠶᠠᠨ ᠳᠠᠷᠤᠭ᠎ᠠ ᠶᠢᠨ ᠰᠠᠨᠠᠭᠤᠯᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠤᠷᠤᠬᠴᠢᠳ ᠤᠨ ᠦᠰᠦᠨ ᠪᠤᠶᠢᠵᠢᠯᠲᠠ ᠶᠢ ᠠᠬᠢᠭᠤᠯᠬᠤ ᠲᠠᠯ᠎ᠠ ᠪᠠᠷ ᠮᠠᠰᠢ ᠠᠰᠢᠭᠲᠠᠢ ᠪᠠᠶᠢᠵᠤ᠂ ᠮᠥᠨ ᠴᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠬᠤᠯᠠᠴᠢᠯᠠᠵᠤ ᠪᠠᠶᠢᠬᠤ ᠶᠢ ᠣᠯᠵᠤ ᠬᠠᠷᠠᠵᠤ ᠪᠣᠯᠣᠨ᠎ᠠ᠃       ᠪᠤᠭᠤᠲᠤ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ︽ᠬᠢᠴᠢᠶᠡᠯ ᠰᠤᠨᠤᠰᠬᠤ︾ᠬᠠᠯᠠᠭᠤᠨ ᠥᠷᠨᠢᠯᠲᠡ ᠪᠣᠯᠤᠭᠰᠠᠨ ᠶᠤᠮ᠃  ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ  ᠵᠢᠴᠢ ᠬᠤᠲᠠ᠂ ᠲᠣᠭᠤᠷᠢᠭ ᠤᠨ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷᠴᠤᠳ ᠴᠤ ᠰᠤᠷᠭᠠᠭᠤᠯᠢ ᠳᠤ ᠭᠦᠨᠵᠡᠭᠡᠶᠢᠷᠡᠨ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠨ ᠡᠵᠡᠮᠰᠢᠵᠦ᠂ ᠪᠠᠭᠰᠢ ᠶᠢᠨ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠳᠤᠮᠳᠠᠬᠢ ᠳᠠᠪᠠᠭᠤᠯᠢᠭ ᠲᠠᠯ᠎ᠠ ᠪᠠ ᠬᠦᠷᠦᠯᠴᠡᠬᠦ ᠦᠭᠡᠢ ᠲᠠᠯ᠎ᠠ ᠶᠢ ᠢᠯᠡᠷᠡᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠵᠠᠭᠪᠤᠷ ᠪᠠ ᠠᠷᠭ᠎ᠠ᠂ ᠤᠯᠤᠰ ᠤᠨ ᠬᠢᠴᠢᠶᠡᠯ ᠤᠨ ᠲᠥᠰᠥᠯ᠂ ︽ᠬᠤᠶᠠᠷ ᠢ ᠬᠥᠩᠭᠡᠷᠡᠭᠦᠯᠬᠦ︾ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠪᠠ᠃       ᠬᠢᠴᠢᠶᠡᠯ ᠰᠣᠨᠣᠰᠴᠤ ᠪᠠᠶᠢᠭ᠎ᠠ ᠺᠠᠳ᠋ᠷ ᠠᠵᠢᠯᠲᠠᠨ ᠤ ᠭᠠᠷ ᠲᠤ ᠪᠦᠷ ᠬᠢᠴᠢᠶᠡᠯ ᠰᠣᠨᠣᠰᠤᠭᠰᠠᠨ ᠲᠡᠮᠳᠡᠭᠯᠡᠯ ᠤᠨ ᠬᠦᠰᠦᠨᠦᠭ ᠪᠠᠶᠢᠳᠠᠭ᠃ ᠡᠨᠡ ᠬᠦ ᠬᠦᠰᠦᠨᠦᠭᠲᠦ ᠨᠢ ᠪᠠᠭᠰᠢ ᠨᠠᠷ ᠴᠠᠭ ᠲᠠᠭᠠᠨ ᠬᠢᠴᠢᠶᠡᠯ ᠣᠷᠣᠵᠤ ᠪᠠᠶᠢᠬᠤ ᠡᠰᠡᠬᠦ᠂ ᠪᠠᠭᠰᠢ ᠬᠢᠴᠢᠶᠡᠯ ᠤᠨ ᠴᠠᠭ ᠤᠨ ᠵᠢᠭᠠᠨ ᠰᠤᠷᠭᠠᠯᠲᠠ ᠪᠠᠨ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠬᠤ ᠡᠰᠡᠬᠦ᠂ ᠪᠠᠭᠰᠢ ᠰᠤᠷᠤᠬᠴᠢᠳ ᠤᠨ ᠵᠢᠭᠠᠨ ᠰᠤᠷᠭᠠᠬᠤ ᠪᠠ ᠰᠤᠷᠬᠤ ᠶᠢᠨ ᠬᠠᠮᠲᠤᠷᠠᠯᠴᠠᠭ᠎ᠠ ᠪᠠ ᠬᠠᠶᠢᠨ ᠰᠦᠪᠡᠭᠴᠢᠯᠡᠬᠦ ᠤᠬᠠᠮᠰᠠᠷ ᠴᠢᠩᠭ᠎ᠠ ᠪᠠᠶᠢᠬᠤ ᠡᠰᠡᠬᠦ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠢ ᠪᠠᠶᠢᠬᠤ ᠡᠰᠡᠬᠦ ᠵᠡᠷᠭᠡ 13 ᠵᠦᠢᠯ ᠤᠨ ᠠᠭᠤᠯᠭ᠎ᠠ ᠶᠢ ᠬᠠᠮᠤᠷᠴᠠᠢ᠃ ᠪᠠᠭᠰᠢ ᠶᠢᠨ ᠬᠢᠴᠢᠶᠡᠯ ᠶᠠᠷᠢᠭᠰᠠᠨ ᠲᠤᠬᠠᠢ ᠬᠢᠴᠢᠶᠡᠯ ᠰᠣᠨᠣᠰᠤᠭᠰᠠᠨ ᠤᠳᠤᠷᠢᠳᠬᠤ ᠺᠠᠳ᠋ᠷ ᠨᠢᠭᠡ ᠪᠦᠷᠢ ᠴᠥᠮ ᠨᠢᠭᠡ ᠨᠢᠭᠡ ᠪᠠᠷ ᠦᠨᠡᠯᠡᠨ ᠰᠢᠭᠦᠮᠵᠢᠯᠡᠬᠦ ᠶᠢᠨ ᠬᠠᠮᠲᠤ ᠡᠨᠡ ᠬᠦ ᠬᠦᠰᠦᠨᠦᠭᠲᠦ ᠪᠠᠷ ᠳᠠᠮᠵᠢᠭᠤᠯᠤᠨ᠂ ᠰᠤᠷᠭᠠᠭᠤᠯᠢ ᠶᠢᠨ ᠡᠩ ᠤᠨ ᠬᠠᠮᠢᠶᠠᠷᠤᠯᠲᠠ᠂ ᠪᠠᠭᠰᠢ ᠶᠢᠨ ᠵᠢᠭᠠᠨ ᠰᠤᠷᠭᠠᠯᠲᠠ ᠶᠢᠨ ᠬᠡᠪ ᠤᠨ ᠪᠠᠶᠢᠳᠠᠯ᠂ ᠰᠤᠷᠤᠬᠴᠢᠳ ᠤᠨ ᠰᠤᠷᠤᠯᠴᠠᠬᠤ ᠬᠡᠪ ᠰᠤᠷᠲᠠᠯ ᠵᠡᠷᠭᠡ ᠪᠠᠶᠢᠳᠠᠯ ᠢ ᠣᠶᠢᠯᠠᠭᠠᠵᠤ᠂ ᠪᠦᠭᠦ ᠬᠤᠲᠠ ᠶᠢᠨ ᠰᠤᠷᠭᠠᠨ ᠬᠥᠮᠦᠵᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠩᠬᠠᠨ ᠤ ᠮᠠᠲ᠋ᠧᠷᠢᠶᠠᠯ ᠢ ᠴᠤᠭᠯᠠᠭᠤᠯᠪᠠ᠃       ᠬᠢᠴᠢᠶᠡᠯ ᠰᠤᠨᠤᠰᠬᠤ ᠶᠠᠪᠤᠴᠠ ᠳᠤ᠂ ᠵᠠᠷᠢᠮ ᠺᠠᠳ᠋ᠷ ᠠᠵᠢᠯᠲᠠᠨ ᠣᠯᠣᠯᠲᠠ ᠲᠥᠷᠥᠭᠳᠡᠯ ᠭᠦᠨ ᠪᠠᠶᠢᠯ᠎ᠠ᠃ ︽ᠪᠤᠭᠤᠲᠤ ᠬᠤᠳᠠ ᠶᠢᠨ  ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠡᠦᠬᠡ ᠶᠢᠨ ᠬᠢᠴᠢᠶᠡᠯ ᠳᠡᠭᠡᠷ᠎ᠡ︿ᠴᠠᠭ ᠦᠶ᠎ᠡ ᠪᠠ ᠬᠤᠪᠢ ᠬᠥᠮᠥᠨ﹀ ᠤ ᠬᠠᠷᠢᠴᠠᠭ᠎ᠠ ᠶᠢᠨ ᠪᠣᠳᠣᠯᠬᠢᠯᠠᠯ ᠭᠡᠬᠦ ᠬᠢᠴᠢᠶᠡᠯ ᠭᠦᠨ ᠤᠬᠠᠭᠠᠯᠢᠭ ᠶᠣᠰᠣ ᠪᠠ ᠰᠣᠶᠣᠯ ᠤᠨ ᠦᠨᠦᠷ ᠠᠮᠲᠠ ᠪᠠᠷ ᠪᠢᠯᠬᠠᠮ᠎ᠠ; ᠪᠤᠭᠤᠲᠤ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠭᠡᠯᠡ ᠪᠢᠴᠢᠭ ᠤᠨ ᠬᠢᠴᠢᠶᠡᠯ ᠳᠡᠭᠡᠷ᠎ᠡ᠂ ᠪᠠᠭᠰᠢ ᠠᠴᠠ ᠬᠡᠷᠬᠢᠨ ᠤᠩᠰᠢᠬᠤ᠂ ᠤᠷᠢᠳᠴᠢᠯᠠᠨ ᠳᠠᠪᠲᠠᠬᠤ᠂ ᠬᠢᠴᠢᠶᠡᠯ ᠰᠣᠨᠣᠰᠬᠤ᠂ ᠲᠡᠮᠳᠡᠭᠯᠡᠯ ᠬᠢᠬᠦ᠂ ᠳ᠋ᠦᠩᠨᠡᠬᠦ᠂ ᠡᠷᠭᠢᠴᠡᠭᠦᠯᠬᠦ᠂ ᠲᠤᠩᠭᠠᠨ ᠪᠤᠳᠤᠬᠤ᠂ ᠳᠠᠰᠬᠠᠯ ᠬᠢᠬᠦ ᠵᠡᠷᠭᠡ ᠲᠠᠢ ᠤᠶᠠᠯᠳᠤᠭᠤᠯᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠳᠠᠮᠵᠢᠨ᠂ ᠰᠤᠷᠤᠬᠴᠢᠳ ᠤᠨ ᠰᠤᠷᠤᠯᠴᠠᠬᠤ ᠶᠢ ᠰᠤᠷᠬᠤ᠂ ᠪᠡᠶ᠎ᠡ ᠪᠠᠨ ᠳᠠᠭᠠᠭᠠᠨ ᠰᠤᠷᠤᠯᠴᠠᠬᠤ᠂ ᠭᠦᠨᠵᠡᠭᠡᠢ ᠰᠤᠷᠤᠯᠴᠠᠬᠤ ᠲᠤᠬᠠᠢ ᠵᠢᠯᠤᠭᠤᠳᠴᠤ ᠪᠠᠶᠢᠯ᠎ᠠ  ᠁︾ ᠭᠡᠵᠦ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ ᠶᠢᠨ ᠳᠡᠳ᠋ ᠳᠠᠷᠤᠭ᠎ᠠ ᠶᠠᠨ ᠸᠧᠨ ᠬᠤᠸᠠ ᠭᠦᠨ ᠲᠥᠷᠥᠭᠳᠡᠯ ᠲᠠᠢ ᠶᠠᠷᠢᠵᠤ ᠪᠠᠶᠢᠯ᠎ᠠ᠃       ︽ᠮᠠᠰᠢ ᠣᠯᠠᠨ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠴᠠᠭ ᠦᠶ᠎ᠡ  ᠶᠢᠨ ᠣᠨᠴᠠᠯᠢᠭ ᠢᠶᠠᠷ ᠪᠢᠯᠬᠠᠵᠤ᠂  ᠰᠢᠨ᠎ᠡ ᠬᠢᠴᠢᠶᠡᠯ ᠤᠨ ᠲᠠᠩᠬᠢᠮ ᠤᠨ ᠭᠡᠯᠪᠡᠷᠢ ᠪᠠᠶᠢᠳᠠᠯ ᠠᠭᠠᠵᠢᠮ ᠢᠶᠠᠷ ᠪᠦᠷᠢᠯᠳᠦᠵᠦ᠂ ᠪᠣᠳᠠᠲᠠᠢ ᠰᠤᠷᠤᠯᠴᠠᠬᠤ ᠠᠷᠭ᠎ᠠ ᠮᠠᠶ᠋ᠢᠭ ᠨᠢ ᠣᠯᠠᠨ ᠶᠠᠩᠵᠤ ᠶᠢᠨ ᠮᠥᠷᠲᠡᠭᠡᠨ ᠥᠨᠳᠥᠷ ᠪᠦᠲᠦᠮᠵᠢ ᠲᠠᠢ︾ ᠭᠡᠵᠦ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠣᠣ ᠷᠦᠩ ᠡᠯ᠎ᠡ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠭᠢᠯᠠᠰ ᠴᠡᠭ ᠢ ᠲᠡᠮᠳᠡᠭᠯᠡᠬᠦ ᠶᠢᠨ ᠬᠠᠮᠲᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠵᠠᠳᠠᠯᠵᠤ᠂︽ᠥᠷᠭᠡᠨ ᠢᠶᠠᠷ ᠰᠠᠨᠠᠭᠠᠴᠢᠯᠠᠵᠤ ᠪᠠᠶᠢᠭ᠎ᠠ ᠰᠡᠩᠬᠡᠷᠡᠭᠦᠯᠬᠦ ᠮᠠᠶ᠋ᠢᠭ᠂ ᠶᠠᠷᠢᠯᠴᠠᠬᠤ ᠮᠠᠶ᠋ᠢᠭ᠂ ᠰᠦᠪᠡᠭᠴᠢᠯᠡᠬᠦ ᠮᠠᠶ᠋ᠢᠭ᠂ ᠪᠠᠶᠠᠳᠠᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠶᠢᠨ ᠠᠷᠭ᠎ᠠ ᠶᠢᠨ ᠲᠠᠯ᠎ᠠ ᠪᠠᠷ ᠪᠠᠰᠠ ᠭᠦᠨᠵᠡᠭᠡᠢ ᠦᠢᠯᠡᠳᠦᠯᠭᠡᠵᠢᠭᠦᠯᠬᠦ ᠴᠢᠬᠤᠯᠠᠲᠠᠢ ᠪᠠᠶᠢᠨ᠎ᠠ︾ ᠭᠡᠵᠦ ᠰᠠᠨᠠᠭᠤᠯᠤᠭᠰᠠᠨ ᠪᠠᠶᠢᠯ᠎ᠠ᠃       ᠡᠭᠦᠨ ᠠᠴᠠ ᠭᠠᠳᠠᠨ᠎ᠠ᠂ ᠪᠤᠭᠤᠲᠤ ᠬᠤᠳᠠ ᠶᠢᠨ ᠡᠯ᠎ᠡ ᠰᠤᠷᠭᠠᠭᠤᠯᠢ ᠶᠢᠨ ᠵᠠᠬᠢᠷᠤᠯ ᠨᠠᠷ ᠴᠤ︽ᠬᠢᠴᠢᠶᠡᠯ ᠰᠤᠨᠤᠰᠬᠤ︾ ᠶᠢ ᠪᠠᠶᠢᠩᠭᠤᠵᠢᠭᠤᠯᠵᠤ᠂  ᠰᠤᠷᠤᠬᠴᠢᠳ ᠤᠨ ᠰᠤᠷᠤᠯᠭ᠎ᠠ  ᠶᠢᠨ ᠪᠠᠶᠢᠳᠠᠯ ᠢ ᠣᠶᠢᠯᠠᠭᠠᠬᠤ᠂ ᠪᠠᠭᠰᠢ ᠶᠢᠨ ᠲᠤᠰᠬᠠᠢ ᠮᠡᠷᠭᠡᠵᠢᠯ ᠤᠨ ᠦᠰᠦᠨ ᠪᠤᠶᠢᠵᠢᠯᠲᠠ ᠶᠢ ᠳᠡᠮᠵᠢᠬᠦ᠂ ᠰᠤᠷᠭᠠᠭᠤᠯᠢ ᠶᠢᠨ ᠪᠠᠶᠢᠳᠠᠯ ᠢᠶᠠᠨ ᠪᠣᠳᠠᠲᠠᠢ ᠣᠶᠢᠯᠠᠭᠠᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠠᠩ ᠣᠯᠠᠨ ︽ᠵᠣᠷ︾ ᠭᠠᠷᠭᠠᠪᠠ᠃       ᠪᠤᠭᠤᠲᠤ ᠬᠤᠳᠠ ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠯᠠᠢ ᠱᠣ᠋ ᠱᠧᠩ ᠤᠨ ᠨᠣᠮ ᠤᠨ ᠬᠤᠷᠭᠤᠨ ᠳᠤ ᠡᠯ᠎ᠡ ᠬᠢᠴᠢᠶᠡᠯ ᠲᠦᠷᠦᠯ ᠤᠨ ᠬᠢᠴᠢᠶᠡᠯ ᠤᠨ ᠪᠠᠷᠢᠮᠵᠢᠶ᠎ᠠ ᠶᠢ ᠲᠦᠭᠦᠷᠡᠲᠡᠯ᠎ᠡ ᠲᠠᠯᠪᠢᠵᠤ ᠪᠠᠶᠢᠯ᠎ᠠ᠃ ᠬᠢᠴᠢᠶᠡᠯ ᠰᠣᠨᠣᠰᠴᠤ ᠦᠨᠡᠯᠡᠬᠦ ᠠᠴᠠ ᠡᠮᠦᠨ᠎ᠡ᠂ ᠯᠠᠢ ᠱᠣ᠋ ᠱᠧᠩ ᠬᠢᠴᠢᠶᠡᠯ ᠪᠦᠷᠢ ᠶᠢᠨ ᠠᠭᠤᠯᠭ᠎ᠠ ᠱᠠᠭᠠᠷᠳᠠᠯᠭ᠎ᠠ᠂ ᠰᠤᠷᠤᠯᠭ᠎ᠠ ᠶᠢᠨ ᠱᠠᠭᠠᠷᠳᠠᠯᠭ᠎ᠠ ᠵᠡᠷᠭᠡ ᠶᠢ ᠨᠠᠷᠢᠨ ᠬᠢᠨᠠᠮᠠᠭᠠᠢ ᠦᠵᠡᠵᠦ᠂ ᠬᠢᠴᠢᠶᠡᠯ ᠤᠨ ᠲᠠᠩᠬᠢᠮ ᠤᠨ ᠬᠠᠷᠠᠯᠲᠠ ᠳᠤ ᠳᠣᠲᠣᠷ᠎ᠠ  ᠪᠠᠨ ᠲᠤᠭ᠎ᠠ ᠲᠠᠢ ᠪᠠᠶᠢᠯ᠎ᠠ᠃ ᠵᠠᠰᠠᠭ ᠵᠠᠬᠢᠷᠭᠠᠨ ᠤ ᠠᠵᠢᠯ ᠬᠡᠳᠦᠢ ᠶᠠᠭᠠᠷᠠᠤ ᠴᠤ ᠡᠳᠦᠷ ᠪᠦᠷᠢ ᠳᠤᠮᠳᠠᠴᠢ ᠪᠠᠷ ᠨᠢᠭᠡ ᠴᠠᠭ ᠤᠨ ᠬᠢᠴᠢᠶᠡᠯ ᠰᠣᠨᠣᠰᠬᠤ ᠶᠢ ᠪᠠᠲᠤᠯᠠᠳᠠᠭ᠃ ᠲᠡᠷᠡ ᠠᠩᠭᠢ ᠭᠡᠬᠦ ᠡᠨᠡ ᠬᠦ ᠬᠠᠮᠤᠭ ᠤᠨ ᠪᠠᠭ᠎ᠠ ᠰᠤᠷᠭᠠᠨ ᠬᠥᠮᠦᠵᠢᠯ ᠤᠨ ᠨᠢᠭᠡᠴᠢ ᠪᠠᠷ ᠴᠣᠩᠬᠤᠪᠴᠢ ᠪᠤᠯᠭᠠᠵᠤ᠂ ᠬᠢᠴᠢᠶᠡᠯ ᠰᠣᠨᠣᠰᠴᠤ ᠦᠨᠡᠯᠡᠬᠦ ᠳᠤᠮᠳᠠ ᠪᠠᠨ ᠵᠢᠭᠠᠨ ᠰᠤᠷᠭᠠᠯᠲᠠ ᠶᠢᠨ ᠳᠤᠮᠳᠠᠬᠢ ᠬᠦᠴᠢᠷ ᠲᠦᠪᠡᠭᠳᠡᠯ ᠢ ᠬᠤᠷᠴᠠ ᠰᠡᠷᠭᠡᠭ ᠢᠶᠠᠷ ᠠᠵᠢᠵᠤ᠂ ᠰᠤᠷᠤᠬᠴᠢᠳ᠂ ᠪᠠᠭᠰᠢ ᠨᠠᠷ ᠤᠨ ᠰᠤᠷᠤᠯᠴᠠᠯᠭ᠎ᠠ ᠪᠠ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠨ ᠥᠭᠴᠦ᠂ ᠨᠡᠩ ᠬᠠᠷᠠᠯᠲᠠ ᠲᠠᠢ ᠪᠠᠷ ᠠᠩᠭᠢ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠰᠤᠳᠤᠯᠭᠠᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠳᠤ ᠰᠢᠢᠳᠪᠦᠷᠢᠲᠦ ᠪᠣᠳᠣᠯᠭ᠎ᠠ ᠲᠣᠭᠲᠠᠭᠠᠳᠠᠭ᠃       ᠬᠢᠴᠢᠶᠡᠯ ᠰᠣᠨᠣᠰᠴᠤ ᠦᠨᠡᠯᠡᠬᠦ ᠳᠤᠮᠳᠠ᠂ ᠪᠤᠭᠤᠲᠤ ᠬᠤᠲᠠ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠬᠤ᠋ ᠠᠢ ᠯᠢᠨ ︽ᠠᠰᠠᠭᠤᠳᠠᠯ ᠪᠣᠯ ᠳᠠᠷᠤᠢ ᠰᠤᠳᠤᠯᠭᠠᠨ ᠤ ᠰᠡᠳᠦᠪ︾ᠭᠡᠬᠦ ᠣᠶᠢᠯᠠᠭᠠᠭᠳᠠᠬᠤᠨ ᠢ ᠰᠠᠨᠠᠭᠠᠴᠢᠯᠠᠵᠤ᠂ ᠰᠤᠷᠤᠬᠴᠢᠳ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂︽ᠣᠯᠠᠨ ᠲᠠᠢ ᠣᠶᠢᠷᠠᠲᠤᠭᠰᠠᠨ︾ᠵᠢᠭᠠᠬᠤ ᠶᠢ ᠰᠤᠳᠤᠯᠬᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠪᠡ᠃ ᠬᠤ᠋ ᠠᠢ ᠯᠢᠨ ᠤ ᠦᠵᠡᠬᠦ ᠪᠠᠷ᠂ ᠬᠢᠴᠢᠶᠡᠯ ᠰᠣᠨᠣᠰᠴᠤ ᠦᠨᠡᠯᠡᠬᠦ ᠶᠢ ᠪᠠᠷᠢᠮᠲᠠᠯᠠᠬᠤ ᠪᠠᠷ ᠳᠠᠮᠵᠢᠭᠤᠯᠤᠨ᠂ ᠰᠤᠷᠭᠠᠭᠤᠯᠢ ᠶᠢᠨ︽ᠵᠢᠭᠠᠨ ᠰᠤᠷᠭᠠᠯᠲᠠ ᠪᠠ ᠰᠤᠳᠤᠯᠬᠤ ᠶᠢ ᠨᠢᠭᠡ ᠴᠣᠭᠴᠠᠵᠢᠭᠤᠯᠬᠤ︾ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠢᠴᠢᠶᠡᠯ ᠤᠨ ᠲᠠᠩᠬᠢᠮ ᠢ ᠪᠤᠶ ᠪᠤᠯᠭᠠᠵᠤ᠂ ᠡᠭᠦᠨ ᠤ ᠤᠯᠠᠮ ᠢᠶᠠᠷ ᠬᠥᠮᠥᠨ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠰᠤᠷᠭᠠᠨ ᠬᠥᠮᠦᠵᠢᠯ ᠢᠶᠠᠷ ᠰᠤᠷᠤᠯᠴᠠᠬᠤ ᠬᠡᠪ ᠰᠤᠷᠲᠠᠯ ᠢ ᠨᠢᠭᠲᠠᠷᠠᠭᠤᠯᠤᠨ᠂ ᠰᠤᠷᠭᠠᠭᠤᠯᠢ ᠶᠢᠨ ᠢᠶᠠᠨ ᠬᠥᠭᠵᠢᠯᠲᠡ ᠶᠢ ᠲᠦᠷᠭᠡᠳᠬᠡᠪᠡ᠃       ︽ᠬᠢᠴᠢᠶᠡᠯ ᠰᠤᠨᠤᠰᠬᠤ︾ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠪᠤᠭᠤᠲᠤ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠵᠣᠣ ᠸᠧᠨ ᠮᠧᠶ ᠪᠦᠭᠦ ᠰᠤᠷᠭᠠᠭᠤᠯᠢ ᠶᠢᠨ ᠺᠠᠳ᠋ᠷ ᠢᠶᠠᠨ ᠳᠠᠭᠠᠭᠤᠯᠤᠨ ᠠᠩᠭᠢ ᠪᠠ ᠬᠢᠴᠢᠶᠡᠯ ᠲᠥᠷᠥᠯ ᠢ ᠳᠠᠭᠠᠭᠠᠴᠢᠯᠠᠨ ᠬᠢᠴᠢᠶᠡᠯ ᠰᠣᠨᠣᠰᠴᠤ ᠦᠨᠡᠯᠡᠬᠦ ᠳᠦᠷᠢᠮ ᠢ ᠬᠠᠮᠲᠤ ᠪᠠᠷ ᠲᠣᠭᠲᠠᠭᠠᠵᠤ᠂ ᠬᠢᠴᠢᠶᠡᠯ ᠪᠡᠯᠡᠳᠬᠡᠬᠦ ᠳᠤᠭᠤᠶᠢᠯᠠᠩ ᠤᠨ ᠠᠵᠢᠯᠯᠠᠭ᠎ᠠ ᠳᠤ ᠣᠷᠤᠯᠴᠠᠬᠤ ᠠᠴᠠ ᠭᠠᠷᠳᠠᠨ ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠰᠣᠨᠣᠰᠴᠤ ᠦᠨᠡᠯᠡᠬᠦ ᠭᠦᠷᠲᠡᠯ᠎ᠡ᠂ ᠳᠠᠰᠬᠠᠯ ᠤᠨ ᠬᠠᠮᠢᠶᠠᠷᠤᠯᠲᠠ ᠶᠢ ᠬᠠᠮᠲᠤ ᠪᠠᠷ ᠰᠤᠳᠤᠯᠬᠤ ᠠᠴᠠ ᠠᠪᠤᠭᠠᠳ ᠪᠠᠭᠰᠢ ᠶᠢᠨ ᠳᠠᠰᠬᠠᠯ ᠬᠢᠨᠠᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠭᠦᠷᠲᠡᠯ᠎ᠡ᠂ ᠤᠳᠤᠷᠢᠳᠬᠤ ᠺᠠᠳ᠋ᠷ ᠤᠨ ᠥᠨᠳᠥᠷ ᠪᠦᠲᠦᠮᠵᠢᠲᠡᠶ ᠬᠢᠴᠢᠶᠡᠯ ᠤᠨ ᠲᠠᠩᠬᠢᠮ ᠢ ᠡᠭᠦᠳᠦᠨ ᠪᠠᠶᠢᠭᠤᠯᠬᠤ ᠭᠤᠭᠴᠤᠭ᠎ᠠ ᠨᠢᠭᠡᠪᠦᠷᠢ ᠳᠤ ᠭᠦᠨᠵᠡᠭᠡᠶᠢᠷᠡᠬᠦ ᠶᠢ ᠬᠦᠴᠦᠯᠡᠨ ᠠᠬᠢᠭᠤᠯᠤᠭᠰᠠᠨ ᠪᠠᠶᠢᠨ᠎ᠠ᠃ ︽ᠬᠡᠦᠬᠡᠳ ᠤᠳ ᠲᠤ ᠶᠠᠮᠠᠷ ᠶᠠᠩᠵᠤ  ᠶᠢᠨ ᠰᠤᠷᠭᠠᠨ ᠬᠥᠮᠦᠵᠢᠯ ᠱᠠᠭᠠᠷᠳᠠᠭᠳᠠᠵᠤ ᠪᠠᠶᠢᠬᠤ᠂ ᠰᠤᠷᠭᠠᠭᠤᠯᠢ   ᠶᠢᠨ ᠬᠥᠭᠵᠢᠯᠲᠡ  ᠶᠢᠨ ᠲᠤᠬᠠᠢ ᠪᠠᠭᠰᠢ ᠨᠠᠷ ᠤᠨ ᠬᠦᠰᠡᠯ ᠪᠤᠳᠤᠯ  ᠢ ᠣᠶᠢᠯᠠᠭᠠᠬᠤ ᠪᠣᠯ ᠶᠢᠰᠦᠳᠦᠭᠡᠷ ᠳᠤᠮᠳᠠᠳᠤ ᠰᠤᠷᠭᠠᠭᠤᠯᠢ  ᠶᠢᠨ ᠢᠷᠡᠭᠡᠳᠦᠢ ᠶᠢᠨ ᠬᠥᠭᠵᠢᠯᠲᠡ   ᠶᠢ ᠲᠣᠭᠲᠠᠭᠠᠬᠤ ᠵᠠᠩᠭᠢᠯᠠᠭ᠎ᠠ ᠶᠢᠨ ᠪᠣᠳᠣᠯᠬᠢᠯᠠᠯ ᠮᠥᠨ︾ ᠭᠡᠵᠦ ᠵᠣᠣ ᠸᠧᠨ ᠮᠧᠶ ᠶᠠᠷᠢᠨ᠎ᠠ᠃  ᠬᠢᠴᠢᠶᠡᠯ ᠠᠴᠠ ᠡᠮᠦᠨ᠎ᠡ ᠰᠣᠯᠢᠯᠴᠠᠬᠤ᠂ ᠬᠢᠴᠢᠶᠡᠯ ᠤᠨ ᠳᠤᠮᠳᠠ ᠣᠷᠤᠯᠴᠠᠬᠤ᠂ ᠬᠢᠴᠢᠶᠡᠯ ᠤᠨ ᠳᠠᠷᠠᠭᠠᠬᠢ ᠪᠠᠶᠢᠴᠠᠭᠠᠨ ᠰᠤᠳᠤᠯᠤᠯᠲᠠ ᠨᠢ  ᠰᠤᠷᠭᠠᠭᠤᠯᠢ ᠶᠢᠨ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ᠂ ᠬᠢᠴᠢᠶᠡᠯ ᠤᠨ ᠥᠭᠡᠷᠡᠴᠢᠯᠡᠯᠲᠡ᠂ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠠᠷᠭ᠎ᠠ ᠪᠣᠳᠣᠯᠭ᠎ᠠ ᠲᠣᠭᠲᠠᠭᠠᠬᠤ ᠲᠠᠯ᠎ᠠ ᠳᠤ ᠴᠥᠮ ᠠᠴᠢ ᠬᠤᠯᠪᠣᠭᠳᠠᠯ ᠲᠠᠢ ᠶᠤᠮ᠃       ᠲᠤᠭ᠎ᠠ ᠪᠦᠷᠢᠳᠬᠡᠯ ᠢᠶᠠᠷ᠂ ᠨᠢᠭᠡ ᠰᠠᠷ᠎ᠠ ᠶᠢᠨ ᠲᠤᠷᠰᠢ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠺᠠᠳ᠋ᠷᠴᠤᠳ ᠨᠡᠶᠢᠲᠡ 120 ᠭᠠᠷᠤᠢ ᠴᠠᠭ ᠤᠨ ᠬᠢᠴᠢᠶᠡᠯ ᠰᠣᠨᠣᠰᠴᠤ᠂ ᠰᠤᠷᠭᠠᠨ ᠬᠥᠮᠦᠵᠢᠯ ᠤᠨ ᠪᠠᠶᠢᠭᠤᠯᠤᠯᠭ᠎ᠠ ᠤᠳᠤᠷᠢᠳᠬᠤ ᠺᠠᠳ᠋ᠷ ᠤᠨ︽ᠬᠢᠴᠢᠶᠡᠯ ᠰᠤᠨᠤᠰᠬᠤ︾᠂ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠰᠣᠨᠣᠰᠴᠤ ᠦᠨᠡᠯᠡᠬᠦ ᠠᠵᠢᠯᠯᠠᠭ᠎ᠠ ᠢᠳᠡᠪᠬᠢᠲᠡᠢ ᠥᠷᠨᠢᠵᠦ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠢᠳᠡᠪᠬᠢᠵᠢᠯ ᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ ᠪᠤᠭᠤᠲᠤ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠵᠧᠦ ᠷᠣᠣ᠄︽ᠤᠳᠤᠷᠢᠳᠬᠤ ᠺᠠᠳ᠋ᠷ ᠬᠢᠴᠢᠶᠡᠯ ᠰᠤᠨᠤᠰᠬᠤ ᠳᠤ ᠥᠪᠡᠷ ᠤᠨ ᠬᠢᠴᠢᠶᠡᠯ ᠢᠶᠠᠨ ᠭᠦᠢᠴᠡᠳ ᠶᠠᠷᠢᠭᠰᠠᠨ ᠲᠤᠬᠠᠢ ᠵᠢᠭᠠᠬᠠᠨ ᠰᠠᠨᠠᠭᠠᠰᠢᠷᠠᠬᠤ ᠪᠤᠯᠪᠠᠴᠤ ᠨᠦᠭᠦᠭᠡ ᠲᠠᠯ᠎ᠠ ᠪᠠᠷ ᠪᠢᠳᠡᠡ ᠳᠤ ᠶᠡᠭᠡ ᠵᠣᠷᠢᠭᠵᠢᠭᠤᠯᠤᠯ ᠪᠣᠯᠣᠯ᠎ᠠ︾ ᠭᠡᠵᠦ ᠶᠠᠷᠢᠵᠤ ᠪᠠᠶᠢᠯ᠎ᠠ᠃       ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ᠂ ᠰᠤᠷᠭᠠᠭᠤᠯᠢ ᠶᠢᠨ ᠵᠠᠬᠢᠷᠤᠯ ᠲᠦᠷᠦᠭᠦᠯᠡᠨ ᠬᠢᠴᠢᠶᠡᠯ ᠤᠨ ᠲᠠᠩᠬᠢᠮ ᠳᠤ ᠪᠤᠴᠠᠵᠤ᠂ ᠪᠦᠭᠦ ᠬᠤᠳᠠ ᠶᠢᠨ ᠡᠯ᠎ᠡ ᠰᠤᠷᠭᠠᠭᠤᠯᠢ ᠶᠢᠨ ᠪᠠᠭᠰᠢ ᠨᠠᠷ ᠢ ᠤᠷᠢᠶᠠᠯᠠᠨ ᠵᠣᠷᠢᠭᠵᠢᠭᠤᠯᠵᠤ᠂ ᠪᠠᠭᠰᠢ ᠶᠢᠨ ᠢᠳᠡᠪᠬᠢᠵᠢᠯ ᠢ ᠬᠥᠭᠵᠢᠭᠡᠵᠦ᠂ ᠥᠨᠳᠥᠷ ᠬᠡᠪ ᠴᠢᠨᠠᠷ ᠲᠠᠢ ᠰᠤᠷᠭᠠᠭᠤᠯᠢ ᠶᠢ ᠪᠠᠶᠢᠭᠤᠯᠬᠤ ᠨᠢ ᠴᠠᠭ ᠦᠶ᠎ᠡ ᠪᠠ ᠠᠷᠠᠳ ᠲᠦᠮᠡᠨ ᠳᠤ ᠦᠯᠦ ᠣᠰᠣᠯᠳᠠᠬᠤ ᠰᠤᠷᠭᠠᠨ ᠬᠥᠮᠦᠵᠢᠯ ᠪᠣᠯᠣᠨ᠎ᠠ᠃ ᠣᠳᠣᠬᠠᠨ ᠳᠤ᠂ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠴᠣᠭᠴᠠᠯᠠᠵᠤ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠪᠠᠷ ᠴᠢᠷᠮᠠᠶᠢᠵᠤ ᠪᠠᠶᠢᠭ᠎ᠠ ᠵᠠᠩᠭᠢᠯᠠᠭ᠎ᠠ ᠶᠢᠨ ᠴᠠᠭ ᠦᠶ᠎ᠡ ᠪᠣᠯᠣᠨ᠎ᠠ᠃ ︽ᠰᠤᠷᠭᠠᠨ ᠬᠥᠮᠦᠵᠢᠯ ᠤᠨ ᠲᠣᠪᠴᠢᠶ᠎ᠠ ︿ᠬᠢᠴᠢᠶᠡᠯ ᠰᠣᠨᠣᠰᠬᠤ﹀ ᠭᠡᠯᠪᠡᠷᠢ ᠶᠢᠨ ᠰᠢᠨ᠎ᠡ ᠶᠢ ᠡᠭᠦᠳᠴᠦ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠢᠯᠠᠩᠭᠤᠶ᠎ᠠ ᠰᠤᠷᠭᠠᠭᠤᠯᠢ ᠶᠢᠨ ᠠᠵᠢᠯ ᠢ ᠬᠢᠴᠢᠶᠡᠯ ᠤᠨ ᠲᠠᠩᠬᠢᠮ ᠳᠤ ᠪᠤᠴᠠᠭᠠᠵᠤ᠂ ᠤᠳᠤᠷᠢᠳᠬᠤ ᠺᠠᠳ᠋ᠷ ᠤᠨ  ᠬᠢᠴᠢᠶᠡᠯ ᠤᠨ ᠲᠠᠩᠬᠢᠮ ᠳᠤ ᠭᠦᠨᠵᠡᠭᠡᠶᠢᠷᠡᠬᠦ ᠪᠠᠷ ᠳᠠᠮᠵᠢᠨ᠂ ᠪᠠᠭᠰᠢ ᠰᠤᠷᠤᠬᠴᠢᠳ ᠤᠨ ᠪᠤᠳᠤᠵᠤ ᠰᠡᠳᠬᠢᠵᠦ ᠪᠠᠶᠢᠭ᠎ᠠ ᠵᠦᠢᠯᠡᠰ ᠢ ᠣᠶᠢᠯᠠᠭᠠᠨ᠂ ᠪᠣᠳᠠᠲᠤ ᠬᠦᠴᠢᠷᠳᠡᠯ ᠢ ᠨᠢ ᠰᠢᠢᠳᠪᠦᠷᠢᠯᠡᠵᠦ ᠥᠭᠬᠦ ᠨᠢ ᠪᠦᠭᠦ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠠᠰᠢ ᠴᠢᠬᠤᠯᠠ︾ ᠭᠡᠵᠦ ᠯᠢ ᠵᠢᠶᠦ᠋ᠨ ᠶᠠᠷᠢᠯ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ