ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠦᠭᠦᠳᠡ ᠬᠤᠷᠠᠯ ᠬᠢᠵᠦ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ ᠦᠷᠭᠦᠯᠵᠢᠯᠡᠨ ᠬᠢᠨᠠᠨ ᠵᠥᠪᠯᠡᠪᠡ ᠰᠦᠨ ᠱᠣᠣ ᠴᠧᠩ ᠬᠢᠨᠠᠨ ᠵᠥᠪᠯᠡᠬᠦ ᠳᠤ ᠣᠷᠣᠯᠴᠠᠵᠤ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/11
       3 ᠰᠠᠷ᠎ᠠ ᠶᠢᠨ 10 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠦᠷᠭᠦᠯᠵᠢᠯᠡᠨ ᠬᠢᠨᠠᠨ ᠵᠥᠪᠯᠡᠪᠡ᠃
20240311-1.jpg
       ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠣᠣ ᠴᠧᠩ ᠬᠢᠨᠠᠨ ᠵᠥᠪᠯᠡᠬᠦ ᠳᠤ ᠣᠷᠣᠯᠴᠠᠵᠤ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠵᠡᠢ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠣᠯᠣᠨ ᠶᠡᠭᠡ ᠬᠤᠷᠠᠯ ᠤᠨ ᠬᠠᠤᠯᠢ ᠶᠢᠨ ᠲᠥᠰᠥᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃       ᠸᠠᠩ ᠯᠢ ᠰᠢᠶᠠ ᠲᠥᠯᠥᠭᠡᠯᠡᠭᠴᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠬᠤᠷᠢᠶᠠᠨ ᠤ ᠳᠠᠷᠤᠭ᠎ᠠ ᠵᠤᠤ ᠯᠧ ᠵᠢᠢ ᠶᠢᠨ ᠬᠢᠭᠰᠡᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠭᠦᠢᠴᠡᠳ ᠢᠯᠡᠷᠡᠭᠦᠯᠵᠦ᠂ ᠶᠡᠭᠡ ᠲᠠᠯ᠎ᠠ ᠳᠤ ᠵᠣᠭᠰᠣᠬᠤ᠂ ᠭᠤᠣᠯᠳᠠᠯᠭ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠪᠠᠶᠢᠭᠤᠯᠤᠯ ᠤᠨ ᠳᠠᠪᠠᠭᠤᠯᠢᠭ ᠢ ᠬᠠᠷᠠᠭᠤᠯᠤᠭᠰᠠᠨ᠂ ᠠᠷᠠᠳ ᠤᠨ ᠲᠥᠯᠥᠭᠡ ᠭᠡᠬᠦ ᠰᠡᠳᠬᠢᠯᠭᠡ ᠶᠢ ᠳᠣᠪᠤᠶᠢᠯᠭᠠᠭᠰᠠᠨ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠨᠢᠭᠡᠨ ᠰᠠᠶᠢᠨ ᠮᠡᠳᠡᠭᠦᠯᠦᠯᠲᠡ ᠪᠣᠯᠵᠠᠢ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠪᠠᠷᠢᠬᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠬᠠᠤᠯᠢᠵᠢᠯ ᠤᠨ ᠬᠦᠴᠦᠨ ᠢ ᠬᠡᠷᠡᠭᠯᠡᠨ ᠬᠥᠭᠵᠢᠯᠲᠡ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠴᠢᠩᠭ᠎ᠠ ᠡᠭᠦᠷᠭᠡᠯᠡᠯ ᠢ ᠢᠯᠡᠷᠡᠭᠦᠯᠵᠦ᠂ ᠠᠷᠠᠳ ᠤᠨ ᠲᠥᠯᠥᠭᠡ ᠭᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠢᠴᠡᠳ ᠠᠭᠤᠯᠤᠭᠰᠠᠨ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠬᠠᠷᠠᠭᠠᠰᠤ ᠠᠴᠠ ᠥᠪᠥᠷ ᠮᠣᠩᠭᠤᠯ ᠯᠠᠪᠲᠠᠢ ᠬᠠᠤᠯᠢᠵᠢᠯ ᠤᠨ ᠵᠣᠷᠢᠭ ᠰᠠᠨᠠᠭ᠎ᠠ ᠶᠢ ᠰᠠᠶᠢᠲᠤᠷ ᠦᠢᠯᠡᠳᠦᠯᠭᠡᠵᠢᠭᠦᠯᠵᠦ᠂ ᠬᠠᠤᠯᠢᠵᠢᠯ ᠤᠨ ᠬᠦᠴᠦᠨ ᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠳᠠᠭᠠᠨ ᠨᠡᠩ ᠴᠢᠳᠠᠮᠠᠭᠠᠢ ᠪᠣᠯᠵᠤ᠂ ᠠᠮᠤᠭᠤᠯᠠᠩᠲᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠢ ᠨᠡᠩ ᠪᠦᠲᠦᠮᠵᠢᠲᠡᠢ ᠪᠦᠲᠦᠭᠡᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠢᠨ᠎ᠡ ᠭᠡᠵᠡᠢ᠃       ᠯᠢ ᠵᠥᠩ ᠽᠧᠩ᠂ ᠵᠤᠸᠠᠩ ᠾᠧ᠂ ᠱᠢ ᠢᠦᠢ ᠳ᠋ᠦᠩ᠂ ᠳ᠋ᠦ᠋ ᠬᠤᠢ ᠯᠢᠶᠠᠩ᠂ ᠶᠠᠨ ᠬᠤᠩ ᠸᠧᠢ᠂ ᠰᠢᠩ ᠵᠢᠶᠧ ᠬᠤᠩ᠂ ᠴᠢ ᠢᠦᠢ ᠴᠢᠨ᠂ ᠶᠢᠨ ᡁᠢ ᠵᠢᠶᠦ᠋ᠨ ᠵᠡᠷᠭᠡ ᠲᠥᠯᠥᠭᠡᠯᠡᠭᠴᠢ ᠦᠭᠡ ᠬᠡᠯᠡᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠭᠰᠡᠨ ᠪᠥᠭᠡᠳ ᠲᠣᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠨᠳᠦᠰᠦᠨ ᠱᠠᠲᠤᠨ ᠤ ᠦᠢᠯᠡᠳᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠬᠤ᠂ ᠬᠤᠯᠪᠣᠭᠳᠠᠯ ᠪᠦᠬᠦᠢ ᠬᠦᠷᠢᠶᠡᠨ ᠤ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠠᠯᠬᠤᠭ᠎ᠠ ᠶᠢ ᠲᠦᠷᠭᠡᠳᠬᠡᠬᠦ᠂ ᠵᠠᠷᠭᠤ ᠶᠢ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠬᠤ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ᠂ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ