ᠬᠥᠯᠥᠨ ᠪᠤᠶᠢᠷ ᠬᠤᠲᠠ ᠶᠢᠨ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ​ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠷᠭ᠎ᠠ
ᠨᠡᠶᠢᠲᠡᠯᠡᠭᠰᠡᠨ ᠴᠠᠭ᠄
2024/3/11
       ᠨᠢᠭᠡᠳᠦᠭᠡᠷ ᠵᠦᠢᠯ  ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠵᠤ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃        ᠬᠤᠶᠠᠳᠤᠭᠠᠷ ᠵᠦᠢᠯ  ᠲᠤᠰ ᠬᠤᠳᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠲᠤᠰ ᠠᠷᠭ᠎ᠠ ᠶᠢ ᠬᠡᠷᠡᠭᠯᠡᠨ᠎ᠡ᠃        ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠪᠠᠭᠲᠠᠬᠤ ᠨᠢ᠄        ︵ᠨᠢᠭᠡ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠬᠤᠳᠠᠯᠳᠤᠬᠤ᠂ ᠬᠤᠳᠠᠯᠳᠤᠨ ᠠᠪᠬᠤ︔        ︵ᠬᠤᠶᠠᠷ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠠᠶᠢᠭᠠᠯᠢ ᠶᠢᠨ ᠦᠷ᠎ᠡ ᠡᠳ᠋ ᠤᠨ ᠡᠬᠢ ᠪᠠᠶᠠᠯᠢᠭ ᠪᠠ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠮᠥᠬᠦᠬᠦ ᠰᠢᠬᠠᠭᠰᠠᠨ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠴᠤᠭᠯᠠᠭᠤᠯᠬᠤ ᠪᠤᠶᠤ ᠲᠡᠭᠦᠵᠦ ᠮᠠᠯᠲᠠᠬᠤ︔         ︵ᠭᠤᠷᠪᠠ︶ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠤᠢ ᠮᠣᠳᠣ ᠶᠢ ᠬᠠᠤᠯᠢ ᠪᠤᠰᠤ ᠪᠠᠷ ᠲᠡᠭᠦᠨ ᠴᠤᠭᠯᠠᠭᠤᠯᠬᠤ᠂ ᠮᠠᠯᠲᠠᠬᠤ᠂ ᠡᠪᠳᠡᠬᠦ᠂ ᠬᠤᠳᠠᠯᠳᠤᠬᠤ᠂ ᠬᠤᠳᠠᠯᠳᠤᠨ ᠠᠪᠬᠤ᠂ ᠡᠳ᠋ᠰᠢᠭᠦᠯᠬᠦ᠂ ᠲᠡᠭᠡᠭᠡᠪᠦᠷᠢᠯᠡᠬᠦ ᠵᠢᠴᠢ ᠲᠡᠭᠦᠨ ᠤ ᠤᠢ ᠶᠢᠨ ᠬᠤᠷᠮᠤᠢ ᠳᠠᠬᠢ ᠬᠡᠭᠡᠷ᠎ᠡ ᠶᠢᠨ ᠤᠷᠭᠤᠮᠠᠯ ᠪᠣᠯᠣᠨ ᠡᠮ ᠤᠨ ᠮᠠᠲ᠋ᠧᠷᠢᠶᠠᠯ ᠢ ᠮᠠᠯᠲᠠᠬᠤ︔         ︵ᠳᠥᠷᠪᠡ︶ ᠬᠡᠭᠡᠷ᠎ᠡ ᠶᠢᠨ ᠡᠮ ᠤᠨ ᠮᠠᠲ᠋ᠧᠷᠢᠶᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ᠂ ᠬᠤᠳᠠᠯᠳᠤᠬᠤ︔       ︵ᠲᠠᠪᠤ︶ ᠴᠦᠯ᠂ ᠬᠠᠭᠠᠰ ᠴᠦᠯ᠂ ᠬᠦᠨᠳᠦ ᠨᠣᠴᠢᠲᠠᠢ ᠮᠠᠭᠤᠳᠠᠭᠰᠠᠨ᠂ ᠡᠯᠡᠰᠦᠵᠢᠭᠰᠡᠨ᠂ ᠬᠤᠵᠢᠷᠰᠢᠭᠰᠠᠨ᠂ ᠬᠠᠶᠢᠷ ᠴᠦᠯᠵᠢᠭᠰᠡᠨ᠂ ᠬᠥᠷᠥᠰᠥ ᠰᠢᠷᠣᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠬᠤ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠠᠵᠢᠯᠯᠠᠭ᠎ᠠ ᠬᠢᠬᠦ︔         ︵ᠵᠢᠷᠭᠤᠭ᠎ᠠ︶ ᠮᠠᠯᠲᠠᠬᠤ ᠶᠢ ᠴᠠᠭᠠᠵᠠᠯᠠᠭᠰᠠᠨ ᠣᠷᠣᠨ ᠳᠤ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ︔         ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠭᠤᠣᠯᠳᠠᠯᠭ᠎ᠠ ᠲᠠᠢ ᠬᠠᠮᠠᠭᠠᠯᠠᠬᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ︔        ︵ᠨᠠᠢᠮᠠ︶ ᠥᠮᠴᠢᠯᠡᠯ ᠤᠨ ᠡᠷᠬᠡ᠂ ᠳᠠᠭᠠᠭᠠᠴᠢᠯᠠᠨ ᠡᠵᠡᠩᠨᠡᠬᠦ ᠡᠷᠬᠡ ᠪᠤᠶᠤ ᠬᠡᠷᠡᠭᠯᠡᠬᠦ ᠡᠷᠬᠡ ᠲᠠᠢ ᠪᠤᠰᠤᠳ ᠬᠥᠮᠥᠨ ᠤ ᠡᠪᠡᠰᠦᠲᠦ ᠭᠠᠵᠠᠷ᠂ ᠣᠶᠢᠲᠤ ᠭᠠᠵᠠᠷ᠂ ᠨᠤᠭᠤ ᠭᠠᠵᠠᠷ ᠲᠤ ᠬᠠᠤᠯᠢ ᠪᠤᠰᠤ ᠪᠠᠷ ᠣᠷᠣᠵᠤ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ︔        ︵ᠶᠢᠰᠦ︶  ᠨᠤᠭᠤ ᠭᠠᠵᠠᠷ ᠤᠨ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠬᠦ᠃        ᠳᠥᠷᠪᠡᠳᠦᠭᠡᠷ ᠵᠦᠢᠯ  ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠥᠭᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠬᠤᠬᠢᠷᠠᠯ ᠳᠤ ᠬᠠᠷᠢᠭᠤᠴᠠᠯᠭ᠎ᠠ ᠡᠭᠦᠷᠭᠡᠯᠡᠬᠦ ᠵᠠᠷᠴᠢᠮ ᠢ ᠵᠢᠷᠤᠮᠯᠠᠨ᠎ᠠ᠃        ᠲᠠᠪᠤᠳᠤᠭᠠᠷ ᠵᠦᠢᠯ  ᠬᠤᠳᠠ ᠶᠢᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠬᠤᠳᠠ ᠶᠢᠨ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠠᠶᠢᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃       ᠵᠢᠷᠭᠤᠳᠤᠭᠠᠷ ᠵᠦᠢᠯ  ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ᠂ ᠢᠯᠡᠴᠢᠯᠡᠨ ᠮᠡᠳᠡᠭᠦᠯᠵᠦ ᠱᠠᠩᠨᠠᠬᠤ ᠲᠣᠭᠲᠠᠴᠠ᠂ ᠵᠠᠯᠬᠠᠭᠠᠨ ᠴᠡᠭᠡᠷᠯᠡᠭᠦᠯᠬᠦ ᠲᠣᠭᠲᠠᠴᠠ ᠪᠠ ᠤᠬᠠᠭᠤᠯᠤᠨ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ᠎ᠠ᠃       ᠳᠣᠯᠣᠳᠤᠭᠠᠷ ᠵᠦᠢᠯ  ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠪᠤᠰᠤ ᠪᠠᠷ ᠮᠠᠯᠲᠠᠬᠤ ᠵᠡᠷᠭᠡ ᠬᠡᠭᠡᠷ᠎ᠡ ᠶᠢᠨ ᠤᠷᠭᠤᠮᠠᠯ ᠢ ᠡᠪᠳᠡᠬᠦ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃        ᠨᠠᠢᠮᠠᠳᠤᠭᠠᠷ ᠵᠦᠢᠯ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠣᠯᠣᠨ ᠶᠡᠭᠡ ᠬᠢᠩᠭᠠᠨ ᠳᠠᠪᠠᠭᠠᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠬᠠᠤᠯᠢ ᠶᠣᠰᠣᠭᠠᠷ ᠪᠤᠶᠤ ᠥᠪᠡᠷᠲᠡᠭᠡᠨ ᠵᠠᠰᠠᠭ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠶᠣᠰᠣᠭᠠᠷ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠲᠠᠬᠤ ᠵᠡᠷᠭᠡ ᠡᠪᠳᠡᠬᠦ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠦᠭᠭᠦᠨ᠎ᠡ᠃        ᠶᠢᠰᠦᠳᠦᠭᠡᠷ ᠵᠦᠢᠯ  ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠦᠨ᠎ᠡ ᠬᠠᠩᠰᠢ ᠶᠢ ᠲᠤᠭᠲᠠᠭᠠᠬᠤ ᠪᠠᠶᠢᠭᠤᠯᠤᠮᠵᠢ ᠠᠴᠠ ᠬᠡᠭᠡᠷ᠎ᠡ ᠶᠢᠨ ᠤᠷᠭᠤᠮᠠᠯ ᠤᠨ ᠦᠨ᠎ᠡ ᠬᠠᠩᠰᠢ ᠶᠢ ᠲᠤᠭᠲᠠᠭᠠᠬᠠᠤ ᠠᠵᠢᠯ ᠢ ᠬᠠᠷᠢᠭᠤᠴᠠᠨ᠎ᠠ᠃        ᠠᠷᠪᠠᠳᠤᠭᠠᠷ ᠵᠦᠢᠯ  ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠲᠤᠰᠬᠠᠢ ᠵᠦᠢᠯ ᠢᠶᠠᠷ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠵᠢᠴᠢ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃        ᠠᠷᠪᠠᠨ ᠨᠢᠭᠡᠳᠦᠭᠡᠷ ᠵᠦᠢᠯ  ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃        ᠠᠷᠪᠠᠨ ᠬᠤᠶᠠᠳᠤᠭᠠᠷ ᠵᠦᠢᠯ  ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠳᠤ ᠬᠡᠭᠡᠷ᠎ᠡ ᠶᠢᠨ ᠤᠷᠭᠤᠮᠠᠯ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠮ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠵᠤ᠂ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ ᠢ ᠣᠯᠵᠤ ᠮᠡᠳᠡᠪᠡᠯ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠬᠦᠯᠦᠨ᠎ᠡ᠃        ᠠᠷᠪᠠᠨ ᠭᠤᠷᠪᠠᠳᠤᠭᠠᠷ ᠵᠦᠢᠯ  ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠭᠡᠷ᠎ᠡ ᠶᠢᠨ ᠤᠷᠭᠤᠮᠠᠯ ᠢ ᠬᠤᠳᠠᠯᠳᠤᠬᠤ᠂ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠡᠭᠡᠷ᠎ᠡ ᠶᠢᠨ ᠤᠷᠭᠤᠮᠠᠯ ᠡᠵᠡᠩᠨᠡᠭᠴᠢ ᠶᠢ ᠪᠦᠷᠢᠳᠬᠡᠨ ᠳᠠᠩᠰᠠᠯᠠᠵᠤ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠡᠵᠡᠩᠨᠡᠭᠴᠢ ᠶᠢᠨ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠵᠢᠴᠢ ᠪᠤᠰᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠦᠯᠵᠢᠶ᠎ᠡ ᠪᠠᠷ ᠠᠷᠠᠯᠵᠢᠶᠠᠯᠠᠬᠤ ᠦᠶᠯᠡ ᠠᠵᠢᠯᠯᠠᠭ᠎ᠠ ᠶᠢᠨ ᠬᠢᠨᠠᠨ ᠬᠡᠮᠵᠢᠯᠲᠡ ᠶᠢ ᠥᠷᠨᠢᠭᠦᠯᠦᠨ᠂ ᠬᠠᠷᠢᠶᠠᠲᠤ ᠣᠷᠣᠨ ᠤ ᠳᠣᠲᠣᠷᠠᠬᠢ ᠲᠠᠪᠴᠠᠩ ᠤᠨ ᠬᠡᠭᠡᠷ᠎ᠡ ᠶᠢᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠪᠣᠷᠣᠯᠠᠭᠤᠯᠤᠭᠰᠠᠨ ᠮᠡᠳᠡᠭᠡ ᠵᠠᠩᠭᠢ ᠶᠢ ᠠᠷᠢᠯᠭᠠᠬᠤ ᠶᠢ ᠬᠠᠷᠢᠭᠤᠴᠠᠨ᠎ᠠ᠃       ᠠᠷᠪᠠᠨ ᠳᠥᠷᠪᠡᠳᠦᠭᠡᠷ ᠵᠦᠢᠯ  ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠤᠨ ᠵᠠᠷᠤᠳᠠᠯ ᠢ ᠪᠠᠲᠤᠯᠠᠭ᠎ᠠ ᠲᠠᠢ ᠪᠠᠶᠢᠯᠭᠠᠬᠤ ᠶᠢ ᠬᠠᠷᠢᠭᠤᠴᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ