ᠬᠥᠯᠥᠨ ᠪᠤᠶᠢᠷ ᠬᠤᠲᠠ ᠶᠢᠨ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠷᠭ᠎ᠠ
ᠨᠡᠶᠢᠲᠡᠯᠡᠭᠰᠡᠨ ᠴᠠᠭ᠄
2024/3/11
       ᠠᠷᠪᠠᠨ ᠲᠠᠪᠤᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠶᠢ ᠬᠠᠷᠢᠭᠤᠴᠠᠵᠤ᠂  ᠬᠠᠷᠢᠭᠤᠴᠠᠯᠭᠠᠳᠤ ᠨᠢᠭᠡᠴᠢ ᠪᠣᠯᠣᠨ ᠬᠠᠷᠢᠭᠤᠴᠠᠯᠭᠠᠲᠠᠨ ᠢ ᠲᠣᠭᠲᠠᠭᠠᠨ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠲᠥᠪᠯᠡᠷᠡᠭᠰᠡᠨ ᠭᠠᠵᠠᠷ ᠣᠷᠣᠨ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠦᠭᠭᠦᠨ᠎ᠡ᠃        ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠪᠰᠤᠷᠤᠨ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃        ᠠᠷᠪᠠᠨ ᠵᠢᠷᠭᠤᠳᠤᠭᠠᠷ ᠵᠦᠢᠯ  ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠬᠠᠮᠲᠤᠷᠠᠨ ᠵᠥᠪᠳᠡᠯᠴᠡᠬᠦ᠂ ᠮᠡᠳᠡᠭᠡ ᠵᠠᠩᠭᠢ ᠶᠢ ᠮᠡᠳᠡᠭᠡᠯᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠯᠦᠭᠡ ᠣᠷᠣᠨ ᠨᠤᠲᠤᠭ ᠠᠵᠤ ᠠᠬᠤᠶᠢᠯᠠᠯ ᠬᠠᠮᠲᠤᠷᠠᠨ ᠬᠥᠳᠡᠯᠦᠯᠴᠡᠬᠦ᠂ ᠴᠠᠭᠳᠠᠭ᠎ᠠ ᠠᠷᠠᠳ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠢᠯᠡᠷᠡᠭᠦᠯᠦᠭᠰᠡᠨ᠂ ᠰᠢᠯᠵᠢᠭᠦᠯᠦᠨ ᠲᠤᠰᠢᠶᠠᠭᠰᠠᠨ᠂ ᠪᠠᠶᠢᠴᠠᠭᠠᠨ ᠰᠢᠢᠳᠪᠦᠷᠢᠯᠡᠭᠰᠡᠨ᠂ ᠬᠠᠷᠢᠭᠤ ᠲᠤᠰᠬᠠᠭᠰᠠᠨ  ᠪᠠᠶᠢᠩᠭᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠠᠶᠢᠭᠤᠯᠤᠨ᠎ᠠ᠃        ᠠᠷᠪᠠᠨ ᠳᠣᠯᠣᠳᠤᠭᠠᠷ ᠵᠦᠢᠯ  ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠭᠤᠣᠯᠳᠠᠯᠭ᠎ᠠ ᠲᠠᠢ ᠣᠷᠣᠵᠤ ᠭᠠᠷᠬᠤ ᠵᠠᠮ᠂ ᠬᠡᠭᠡᠷ᠎ᠡ ᠶᠢᠨ ᠤᠷᠭᠤᠮᠠᠯ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠲᠥᠪᠯᠡᠷᠡᠭᠰᠡᠨ ᠭᠠᠵᠠᠷ ᠣᠷᠣᠨ᠂ ᠡᠯ᠎ᠡ ᠬᠤᠰᠢᠭᠤ ︵ᠬᠤᠲᠠ᠂ ᠲᠣᠭᠤᠷᠢᠭ︶ ᠪᠠ ᠰᠤᠮᠤ ᠰᠢᠶᠠᠩ ᠪᠠᠯᠭᠠᠰᠤ ᠶᠢᠨ ᠠᠭᠤᠯᠵᠠᠷ ᠣᠷᠣᠨ᠂ ᠬᠠᠤᠯᠢ ᠪᠤᠰᠤ ᠠᠷᠠᠯᠵᠢᠶᠠᠨ ᠤ ᠴᠡᠭ ᠢ ᠲᠣᠭᠤᠷᠢᠨ ᠪᠠᠶᠢᠴᠠᠭᠠᠬᠤ ᠪᠠᠶᠢᠴᠠᠭᠠᠯᠲᠠ ᠪᠠᠨ ᠴᠢᠩᠭᠠᠳᠬᠠᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠲᠣᠮᠣ ᠳ᠋ᠠᠶᠢᠲ᠋ᠠ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠨ᠎ᠠ᠃        ᠠᠷᠪᠠᠨ ᠨᠠᠢᠮᠠᠳᠤᠭᠠᠷ ᠵᠦᠢᠯ  ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠠᠴᠠ ᠡᠮ ᠤᠨ ᠮᠠᠲ᠋ᠧᠷᠢᠶᠠᠯ ᠳᠠᠷᠢᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠡᠮ ᠤᠨ ᠮᠠᠲ᠋ᠧᠷᠢᠶᠠᠯ ᠳᠠᠷᠢᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠡᠮ ᠤᠨ ᠮᠠᠲ᠋ᠧᠷᠢᠶᠠᠯ ᠤᠨ ᠦᠷ᠎ᠡ ᠡᠭᠦᠯᠳᠡᠷ ᠤᠨ ᠢᠷᠡᠯᠲᠡ ᠵᠢᠴᠢ ᠳᠠᠷᠢᠬᠤ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮ ᠤᠨ ᠮᠠᠲ᠋ᠧᠷᠢᠶᠠᠯ ᠳᠠᠷᠢᠬᠤ᠂ ᠴᠤᠭᠯᠠᠭᠤᠯᠬᠤ᠂ ᠬᠤᠳᠠᠯᠳᠤᠨ ᠠᠪᠬᠤ᠂ ᠪᠣᠷᠣᠯᠠᠭᠤᠯᠬᠤ ᠵᠡᠷᠭᠡ ᠪᠠᠶᠢᠳᠠᠯ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶᠠᠷᠤᠯᠲᠠ ᠶᠢᠨ ᠡᠬᠡ ᠲᠠᠩᠰᠠ ᠪᠠ ᠡᠮ ᠤᠨ ᠮᠠᠲ᠋ᠧᠷᠢᠶᠠᠯ ᠳᠠᠷᠢᠬᠤ ᠡᠷᠦᠬᠡ ᠶᠢᠨ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠤᠨ᠎ᠠ᠃        ᠠᠷᠪᠠ ᠶᠢᠰᠦᠳᠦᠭᠡᠷ ᠵᠦᠢᠯ  ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠠᠮᠢᠳᠤ ᠪᠣᠳᠠᠰ ᠤᠨ ᠰᠤᠳᠤᠯᠤᠯ ᠤᠨ ᠣᠨᠴᠠᠯᠢᠭ ᠪᠠ ᠡᠬᠢ ᠪᠠᠶᠠᠯᠢᠭ ᠤᠨ ᠥᠰᠦᠯᠲᠡ ᠬᠤᠷᠣᠭᠳᠠᠯ ᠤᠨ ᠪᠠᠶᠢᠳᠠᠯ ᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ ᠶᠢ ᠴᠠᠭᠠᠵᠠᠯᠠᠬᠤ ᠣᠷᠣᠨ ᠲᠤᠭᠲᠠᠭᠠᠨ᠎ᠠ᠃        ᠮᠠᠯᠲᠠᠬᠤ ᠶᠢ ᠴᠠᠭᠠᠵᠠᠯᠠᠬᠤ ᠣᠷᠣᠨ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠶᠢᠨ ᠬᠠᠮᠲᠤ ᠮᠠᠯᠲᠠᠬᠤ ᠶᠢ ᠴᠠᠭᠠᠵᠠᠯᠠᠬᠤ ᠣᠷᠣᠨ ᠤ ᠢᠯᠡᠷᠬᠡᠢ ᠭᠠᠵᠠᠷ ᠲᠤ ᠲᠡᠮᠳᠡᠭ ᠲᠠᠯᠪᠢᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠮᠠᠯᠲᠠᠬᠤ ᠶᠢ ᠴᠠᠭᠠᠵᠠᠯᠠᠬᠤ ᠣᠷᠣᠨ ᠤ ᠲᠡᠮᠳᠡᠭ ᠢ ᠡᠪᠳᠡᠵᠦ᠂ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ᠃        ᠮᠠᠯᠲᠠᠬᠤ ᠶᠢ ᠴᠠᠭᠠᠵᠠᠯᠠᠬᠤ ᠣᠷᠣᠨ ᠳᠣᠲᠣᠷᠠᠬᠢ ᠬᠡᠭᠡᠷ᠎ᠡ ᠶᠢᠨ ᠤᠷᠭᠤᠮᠠᠯ ᠢ ᠪᠥᠬᠦ ᠵᠢᠯ  ᠳᠤ ᠮᠠᠯᠲᠠᠬᠤ ᠶᠢ ᠴᠠᠭᠠᠵᠠᠯᠠᠨ᠎ᠠ᠃        ᠬᠤᠷᠢᠳᠤᠭᠠᠷ ᠵᠦᠢᠯ  ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠤᠬᠠᠮᠰᠠᠷ ᠠᠴᠠ ᠪᠠᠨ ᠬᠠᠤᠯᠢ ᠰᠠᠬᠢᠬᠤ ᠬᠦᠮᠦᠵᠢᠯ ᠬᠢᠵᠦ᠂ ᠪᠥᠬᠦ ᠨᠡᠶᠢᠭᠡᠮ ᠤᠨ ᠬᠢᠨ ᠤ ᠬᠡᠭᠡᠷ᠎ᠡ ᠶᠢᠨ ᠤᠷᠭᠤᠮᠠᠯ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠬᠦᠯᠦᠨ᠎ᠡ᠃        ᠬᠤᠷᠢᠨ ᠨᠢᠭᠡᠳᠦᠭᠡᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ᠂ ᠢᠯᠠᠩᠭᠤᠶ᠎ᠠ ᠤᠢ ᠰᠢᠭᠤᠢ᠂ ᠤᠢ ᠮᠣᠳᠣ᠂ ᠣᠶᠢᠲᠤ ᠭᠠᠵᠠᠷ᠂ ᠨᠤᠲᠤᠭ ᠪᠡᠯᠴᠢᠭᠡᠷ ᠪᠠ ᠨᠤᠭᠤ ᠭᠠᠵᠠᠷ ᠤᠨ ᠥᠮᠴᠢᠯᠡᠯ ᠤᠨ ᠡᠷᠬᠡᠲᠦ ᠬᠥᠮᠥᠨ᠂ ᠳᠠᠭᠠᠭᠠᠴᠢᠯᠠᠨ ᠡᠵᠡᠩᠨᠡᠬᠦ ᠡᠷᠬᠡᠲᠦ ᠬᠥᠮᠥᠨ ᠪᠤᠶᠤ ᠬᠡᠷᠡᠭᠯᠡᠬᠦ ᠡᠷᠬᠡᠲᠦ ᠬᠥᠮᠥᠨ ᠴᠥᠮ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠶᠤᠰᠤᠳᠠᠢ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠵᠢᠴᠢ ᠲᠡᠭᠦᠨ ᠤ ᠥᠰᠦᠯᠲᠡ ᠶᠢᠨ ᠣᠷᠴᠢᠨ ᠨᠥᠬᠦᠴᠡᠯ ᠢ ᠡᠪᠳᠡᠭᠰᠡᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃        ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠭᠠᠯᠳᠤᠬᠤ᠂ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠨ᠎ᠡ᠃ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠪᠥᠭᠡᠳ ᠵᠠᠭᠠᠯᠳᠤᠭᠴᠢ ᠪᠤᠶᠤ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ ᠪᠠᠶᠢᠪᠠᠯ᠂ ᠬᠠᠷᠢᠶᠠᠯᠠᠯ ᠤᠨ ᠡᠷᠬᠡ ᠲᠠᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠢᠯᠵᠢᠭᠦᠯᠦᠨ  ᠬᠦᠷᠭᠡᠨ᠎ᠡ᠂ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠭᠴᠢ ᠪᠤᠶᠤ ᠢᠯᠡᠴᠢᠯᠡᠨ ᠮᠡᠳᠡᠭᠦᠯᠦᠭᠴᠢ ᠳᠤ ᠮᠡᠳᠡᠭᠳᠡᠨ᠎ᠡ᠃        ᠬᠤᠷᠢᠨ ᠬᠤᠶᠠᠳᠤᠭᠠᠷ ᠵᠦᠢᠯ  ᠳᠠᠭᠠᠭᠠᠴᠢᠯᠠᠨ ᠲᠡᠭᠡᠭᠡᠪᠦᠷᠢᠯᠡᠭᠴᠢ ᠨᠢ ᠲᠡᠭᠡᠭᠡᠪᠦᠷᠢᠯᠡᠭᠰᠡᠨ ᠭᠡᠷᠡᠴᠢ ᠪᠢᠴᠢᠭ ᠪᠠ ᠬᠠᠤᠯᠢ ᠶᠣᠰᠣᠨ ᠤ ᠢᠷᠡᠯᠲᠡ ᠶᠢᠨ ᠭᠡᠷᠡᠴᠢ ᠪᠢᠴᠢᠭ ᠦᠭᠡᠢ ᠬᠡᠭᠡᠷ᠎ᠡ ᠶᠢᠨ ᠤᠷᠭᠤᠮᠠᠯ ᠬᠢᠭᠡᠳ ᠲᠡᠭᠦᠨ ᠤ ᠦᠢᠯᠡᠳᠬᠦᠨ ᠢ ᠳᠠᠭᠠᠭᠠᠴᠢᠯᠠᠨ ᠲᠡᠭᠡᠭᠡᠪᠦᠷᠢᠯᠡᠵᠦ᠂ ᠬᠤᠷᠢᠶᠠᠨ ᠢᠯᠡᠭᠡᠵᠦ ᠪᠣᠯᠬᠤ ᠦᠭᠡᠢ︔  ᠬᠡᠭᠡᠷ᠎ᠡ ᠶᠢᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ᠂ ᠠᠪᠴᠤ ᠶᠠᠪᠤᠭᠰᠠᠨ᠂ ᠢᠯᠡᠭᠡᠭᠰᠡᠨ ᠢ ᠣᠯᠵᠤ ᠮᠡᠳᠡᠪᠡᠯ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠢᠯᠡᠴᠢᠯᠡᠨ ᠮᠡᠳᠡᠬᠦᠯᠦᠨ᠎ᠡ᠃        ᠬᠤᠷᠢᠨ ᠭᠤᠷᠪᠠᠳᠤᠭᠠᠷ ᠵᠦᠢᠯ  ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠳᠤᠮᠳᠠ ᠢᠯᠡᠷᠬᠡᠢ ᠠᠮᠵᠢᠯᠲᠠ ᠭᠠᠷᠭᠠᠭᠰᠠᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠢ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ  ᠤᠨ ᠵᠠᠰᠠᠭ ᠤᠨ ᠣᠷᠳᠣᠨ ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠬᠤ ᠪᠠ ᠱᠠᠩᠨᠠᠨ᠎ᠠ᠃        ᠬᠤᠷᠢᠨ ᠳᠥᠷᠪᠡᠳᠦᠭᠡᠷ ᠵᠦᠢᠯ  ᠲᠤᠰ ᠠᠷᠭ᠎ᠠ ᠶᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠥᠢᠯᠡ ᠠᠵᠢᠯᠯᠠᠭ᠎ᠠ ᠶᠢᠨ ᠨᠢᠭᠡ ᠨᠢ ᠪᠠᠶᠢᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠨᠢᠭᠡᠨᠲᠡ ᠰᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢᠶᠠᠷ ᠨᠢ ᠶᠠᠪᠤᠭᠤᠯᠤᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠷᠭᠠᠬᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠤᠯᠭᠤᠭᠰᠠᠨ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠬᠦ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠡᠷᠡᠮᠵᠢ ᠥᠭᠬᠦ ᠪᠤᠶᠤ ᠵᠠᠷᠯᠠᠨ ᠰᠢᠭᠦᠮᠵᠢᠯᠡᠵᠦ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠦᠨ᠎ᠡ ᠥᠷᠲᠡᠭ ᠤᠨ ᠬᠤᠶᠠᠷ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠦᠨ᠎ᠡ ᠦᠷᠳᠡᠭ ᠤᠨ ᠬᠢᠨᠢ ᠭᠤᠷᠪᠠᠨ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠵᠣᠭᠤᠰ ᠢᠶᠠᠷ ᠲᠣᠷᠭᠠᠬᠤ ᠳᠤ ᠬᠦᠷᠪᠡᠯ᠂ ᠲᠣᠷᠭᠠᠬᠤ ᠵᠣᠭᠤᠰ ᠤᠨ ᠲᠤᠭ᠎ᠠ ᠨᠢ 5000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃        ᠬᠤᠷᠢᠨ ᠲᠠᠪᠤᠳᠤᠭᠠᠷ ᠵᠦᠢᠯ  ᠲᠣᠰ ᠠᠷᠭ᠎ᠠ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠮᠠᠯᠲᠠᠬᠤ ᠶᠢ ᠴᠠᠭᠠᠵᠠᠯᠠᠬᠤ ᠣᠷᠣᠨ ᠤ ᠲᠡᠮᠳᠡᠭ ᠢ ᠡᠪᠳᠡᠭᠰᠡᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠪᠠᠶᠢᠪᠠᠯ᠂ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠭᠦᠭᠡᠬᠦ ᠵᠠᠷᠤᠳᠠᠯ ᠤᠨ ᠭᠤᠷᠪᠠᠨ ᠳᠠᠬᠢᠨ ᠤ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃        ᠬᠤᠷᠢᠨ ᠵᠢᠷᠭᠤᠳᠤᠭᠠᠷ ᠵᠦᠢᠯ  ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠨᠢ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠪᠠᠶᠢᠪᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠠᠷᠠᠭᠠᠯᠠᠯ ᠢ ᠴᠠᠭ ᠲᠤᠬᠠᠢ ᠳᠤᠨᠢ ᠡᠬᠢᠯᠡᠬᠦᠯᠦᠨ᠎ᠡ᠃       ᠬᠤᠷᠢᠨ ᠳᠣᠯᠣᠳᠤᠭᠠᠷ ᠵᠦᠢᠯ  ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠡᠭᠡᠷ᠎ᠡ ᠶᠢᠨ ᠤᠷᠭᠤᠮᠠᠯ ᠤᠨ ᠬᠦᠷᠢᠶᠡᠨ ᠳᠠᠬᠢ ᠡᠷᠡᠭᠦᠦ ᠰᠢᠳᠬᠡᠯ ᠤᠨ ᠵᠤᠯᠭᠠᠭᠤᠯᠤᠯᠳᠠ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠠᠮᠢ ᠠᠬᠤᠢ ᠶᠢᠨ ᠣᠷᠴᠢᠨ ᠨᠥᠬᠦᠴᠡᠯ ᠤᠨ ᠬᠤᠬᠢᠷᠠᠯ ᠤᠨ ᠲᠥᠯᠥᠪᠦᠷᠢ  ᠦᠭᠬᠦ ᠬᠢᠭᠡᠳ ᠪᠠᠶᠢᠴᠠᠭᠠᠬᠤ ᠬᠤᠷᠢᠶᠠᠨ ᠤ ᠠᠰᠠᠷᠠᠮᠵᠢ ᠶᠢᠨ ᠠᠯᠪᠠᠨ ᠵᠠᠭᠠᠯᠳᠤᠯᠭ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠦᠬᠦᠷᠵᠢᠬᠦᠯᠦᠨ᠎ᠡ᠃ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠰᠢᠢᠳᠬᠡᠯ ᠨᠡᠬᠡᠮᠵᠢᠯᠡᠨ᠎ᠡ᠃        ᠬᠤᠷᠢᠨ ᠨᠠᠢᠮᠠᠳᠤᠭᠠᠷ ᠵᠦᠢᠯ  ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠤᠷᠢᠶᠠᠨ ᠠᠪᠤᠭᠰᠠᠨ ᠬᠡᠭᠡᠷ᠎ᠡ ᠶᠢᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠢ ᠰᠢᠭᠤᠢ ᠪᠠ ᠨᠤᠲᠤᠭ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠬᠠᠮᠠᠭᠠᠯᠠᠯᠲᠠ ᠶᠢᠨ ᠣᠷᠣᠨ ᠪᠦᠰᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ ᠲᠣᠭᠲᠠᠭᠠᠯ ᠶᠣᠰᠣᠭᠠᠷ ᠰᠢᠢᠳᠪᠦᠷᠢᠯᠡᠬᠦᠯᠦᠨ᠎ᠡ᠃        ᠬᠤᠷᠢ ᠶᠢᠰᠦᠳᠦᠭᠡᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠪᠤᠰᠤᠳ ᠬᠠᠮᠢᠶ᠎ᠠ ᠪᠦᠬᠦᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ  ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦᠯᠦᠨ᠎ᠡ᠃        ᠭᠤᠴᠢᠳᠤᠭᠠᠷ ᠵᠦᠢᠯ ᠲᠣᠰ ᠠᠷᠭ᠎ᠠ ᠶᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ