ᠶᠠᠭᠰᠢ ᠬᠤᠲᠠ ᠶᠢᠨ ᠬᠢᠨ ᠺᠠᠳ᠋ᠷᠴᠤᠳ ᠲᠤ ᠬᠢᠨᠠᠯᠲᠠ ᠲᠠᠯᠪᠢᠬᠤ ︽ᠭᠤᠷᠪᠠᠨ ᠰᠠᠭᠤᠷᠢ ᠥᠩᠭᠡ︾ ᠶᠢ ᠲᠣᠳᠣ ᠪᠣᠯᠭᠠᠪᠠ
ᠨᠡᠶᠢᠲᠡᠯᠡᠭᠰᠡᠨ ᠴᠠᠭ᠄
2024/3/12
       ᠶᠠᠭᠰᠢ ᠬᠤᠳᠠ ᠶᠢᠨ ᠬᠢᠨ ᠴᠢᠩᠭ᠎ᠠ ᠬᠠᠮᠢᠶᠠᠷᠤᠯᠲᠠ ᠪᠠ ᠡᠯᠢᠭᠡᠰᠡᠭ ᠬᠠᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠴᠡᠭ ᠢ ᠤᠷᠲᠤᠳᠬᠠᠨ᠂ ᠬᠢᠨᠠᠯᠲᠠ ᠲᠠᠯᠪᠢᠬᠤ ᠪᠣᠭᠤᠮᠲᠠ ᠶᠢ ᠡᠮᠦᠨᠡᠰᠢ ᠰᠢᠯᠵᠢᠭᠦᠯᠵᠦ᠂ ᠺᠠᠳ᠋ᠷ ᠤᠨ ᠪᠦᠭᠦ ᠲᠠᠯ᠎ᠠ ᠶᠢᠨ ᠬᠠᠮᠢᠶᠠᠷᠤᠯᠲᠠ ᠪᠣᠯᠣᠨ ᠪᠠᠶᠢᠩᠭᠤ ᠶᠢᠨ ᠴᠢᠨᠠᠷᠲᠠᠢ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠤᠨ ᠬᠢᠨᠠᠯᠲᠠ ᠶᠢᠨ ︽ᠭᠤᠷᠪᠠᠨ ᠰᠠᠭᠤᠷᠢ ᠥᠩᠭᠡ︾  ᠶᠢ ᠲᠣᠳᠣ ᠪᠣᠯᠭᠠᠵᠠᠢ᠃       ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠰᠠᠭᠤᠷᠢ ᠥᠩᠭᠡ ᠶᠢ ᠲᠣᠳᠣ ᠪᠣᠯᠭᠠᠪᠠ᠃ ᠪᠦᠭᠦ ᠠᠵᠢᠯᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠢᠨᠲ᠋ᠧᠷ ᠰᠦᠯᠵᠢᠶ᠎ᠡ + ᠨᠠᠮ ᠤᠨ ᠭᠡᠰᠢᠭᠦᠨ ᠤ ᠬᠥᠮᠦᠵᠢᠯ︾ ᠢ ᠭᠦᠨᠵᠡᠭᠡᠢ ᠠᠭᠤᠰᠤᠯᠴᠠᠭᠤᠯᠬᠤ ᠠᠷᠭ᠎ᠠ ᠮᠠᠶ᠋ᠢᠭ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠡᠭᠦᠯᠡᠨ ᠬᠢᠴᠢᠶᠡᠯ ᠤᠨ ᠲᠠᠩᠬᠢᠮ︾ ᠪᠠᠶᠢᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠭᠠᠨ ᠬᠥᠮᠦᠵᠢᠯ ᠤᠨ ᠴᠠᠭ ᠪᠠ ᠣᠷᠣᠨ ᠵᠠᠢ ᠶᠢᠨ ᠬᠠᠷᠰᠢᠯᠠᠯ ᠢ ᠦᠭᠡᠶᠢᠰᠬᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠭᠠᠨ ᠬᠥᠮᠦᠵᠢᠯ ᠤᠨ ᠪᠦᠭᠦ ᠠᠵᠢᠯᠲᠠᠨ ᠢ ᠬᠠᠮᠤᠷᠬᠤ ᠶᠢ ᠪᠡᠶᠡᠯᠡᠭᠦᠯᠪᠡ᠃ ᠨᠠᠮ ᠤᠨ ᠰᠤᠷᠭᠠᠭᠤᠯᠢ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮᠴᠢ ᠴᠢᠨᠠᠷ ᠤᠨ ᠬᠥᠮᠦᠵᠢᠯ ᠪᠠ ᠪᠠᠶᠢᠩᠭᠤ ᠶᠢᠨ ᠴᠢᠨᠠᠷᠲᠠᠢ ᠰᠡᠷᠡᠮᠵᠢᠯᠡᠭᠦᠯᠭᠦ ᠬᠥᠮᠦᠵᠢᠯ ᠢ ᠥᠷᠨᠢᠭᠦᠯᠵᠦ᠂ ᠨᠠᠮ ᠤᠨ ᠰᠤᠷᠭᠠᠭᠤᠯᠢ ᠶᠢᠨ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠵᠠᠪᠠᠯ ᠰᠤᠷᠬᠤ ᠬᠢᠴᠢᠶᠡᠯ ᠪᠤᠯᠭᠠᠬᠤ ᠶᠢ ᠠᠬᠢᠭᠤᠯᠵᠤ᠂ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠡᠯ᠎ᠡ ᠱᠠᠲᠤᠨ ᠳᠤ ᠨᠠᠶᠢᠳᠠᠪᠤᠷᠢᠵᠢᠭᠤᠯᠪᠠ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠳᠬᠤᠵᠤ᠂ ᠬᠠᠷᠢᠭᠤᠴᠠᠯᠭ᠎ᠠ ᠡᠭᠦᠷᠭᠡᠯᠡᠬᠦ ᠶᠢᠨ ᠴᠢᠬᠤᠯᠠ ᠵᠦᠢᠯ ᠢ ᠣᠨᠣᠪᠴᠢᠲᠠᠢ ᠵᠣᠯᠭᠠᠭᠤᠯᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠰᠠᠭᠤᠷᠢ ᠥᠩᠭᠡ ᠶᠢ ᠲᠣᠳᠣ ᠪᠣᠯᠭᠠᠪᠠ᠃       ᠬᠢᠨᠠᠯᠲᠠ ᠲᠠᠯᠪᠢᠬᠤ ᠴᠡᠭ ᠢ ᠤᠷᠲᠤᠳᠬᠠᠵᠤ᠂ ᠺᠠᠳ᠋ᠷ ᠤᠨ ᠰᠠᠬᠢᠯᠭ᠎ᠠ ᠪᠠᠲᠤ ᠶᠢᠨ ᠰᠠᠭᠤᠷᠢ ᠥᠩᠭᠡ ᠶᠢ ᠲᠣᠳᠣ ᠪᠣᠯᠭᠠᠪᠠ᠃ ᠺᠠᠳ᠋ᠷ ᠢ ᠪᠦᠭᠦ ᠲᠠᠯ᠎ᠠ ᠪᠠᠷ ᠬᠠᠮᠢᠶᠠᠷᠬᠤ ᠪᠠ ᠪᠠᠶᠢᠩᠭᠤ ᠶᠢᠨ ᠴᠢᠨᠠᠷᠲᠠᠢ ᠪᠠᠷ ᠬᠢᠨᠠᠯᠲᠠ ᠲᠠᠯᠪᠢᠬᠤ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠬᠢᠨᠠᠯᠲᠠ ᠲᠠᠯᠪᠢᠬᠤ᠂ ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠲᠠᠯᠪᠢᠬᠤ ᠪᠠ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠬᠢᠯᠢ︶ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠴᠠᠭ ᠲᠤᠬᠠᠢ ᠳᠤᠨᠢ ᠮᠥᠷᠳᠡᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠺᠠᠳ᠋ᠷ ᠲᠤ ᠬᠢᠨᠠᠯᠲᠠ ᠲᠠᠯᠪᠢᠬᠤ 15 ᠪᠦᠷᠢᠯᠳᠦᠭᠦᠨ ᠨᠢᠭᠡᠴᠢ ᠪᠠᠷ ᠪᠦᠷᠢᠯᠳᠦᠭᠰᠡᠨ ᠬᠠᠮᠲᠤᠷᠠᠭᠰᠠᠨ ᠰᠠᠭᠤᠳᠠᠯ ᠤᠨ ᠲᠣᠭᠲᠠᠴᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠰᠢᠨᠡᠳᠬᠡᠨ ᠲᠡᠭᠦᠯᠳᠡᠷᠵᠢᠭᠦᠯᠵᠦ᠂ ᠺᠠᠳ᠋ᠷ ᠢ ᠬᠢᠨᠠᠨ ᠪᠠᠶᠢᠴᠠᠭᠠᠬᠤ᠂ ᠠᠷᠠᠳᠴᠢᠯᠠᠯ ᠢᠶᠠᠷ ᠲᠠᠨᠢᠯᠴᠠᠭᠤᠯᠬᠤ ᠵᠡᠷᠭᠡ ᠠᠵᠢᠯ ᠤᠨ ᠳᠤᠮᠳᠠ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ 12380 ᠲᠠᠪᠴᠠᠩ ᠢ ᠭᠦᠢᠴᠡᠳ ᠬᠡᠷᠡᠭᠯᠡᠨ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠤᠳᠤᠷᠢᠳᠬᠤ ᠺᠠᠳ᠋ᠷᠴᠤᠳ ᠤᠨ ︽ᠨᠠᠢᠮᠠᠨ ᠴᠠᠭ︾ ᠤᠨ ᠳᠣᠲᠣᠷ᠎ᠠ ᠭᠠᠳᠠᠨᠠᠬᠢ ᠪᠠᠶᠢᠳᠠᠯ ᠢ ᠪᠦᠭᠦ ᠲᠠᠯ᠎ᠠ ᠪᠠᠷ᠂ ᠭᠦᠨᠵᠡᠭᠡᠢ᠂ ᠵᠥᠪ ᠣᠨᠣᠪᠴᠢᠲᠠᠶ ᠪᠠᠷ ᠣᠶᠢᠯᠠᠭᠠᠵᠤ᠂ ᠺᠠᠳ᠋ᠷᠴᠤᠳ ᠲᠤ ᠬᠢᠨᠠᠯᠲᠠ ᠲᠠᠯᠪᠢᠬᠤ ᠠᠵᠢᠯ ᠢ ᠤᠯᠠᠨ ᠲᠦᠮᠡᠨ ᠤ ᠳᠤᠮᠳᠠ ᠦᠨᠳᠦᠰᠦᠯᠡᠭᠦᠯᠪᠡ᠃       ᠬᠢᠨᠠᠯᠲᠠ ᠶᠢᠨ ᠪᠣᠭᠤᠮᠲᠠ ᠶᠢ ᠡᠮᠦᠨᠡᠰᠢ ᠰᠢᠯᠵᠢᠭᠦᠯᠵᠦ᠂ ᠺᠠᠳ᠋ᠷᠴᠤᠳ ᠤᠨ ᠦᠨᠡᠨᠴᠢ ᠰᠢᠳᠤᠷᠭᠤ ᠶᠢᠨ ᠰᠠᠭᠤᠷᠢ ᠥᠩᠭᠡ ᠶᠢ ᠲᠣᠳᠣ ᠪᠣᠯᠭᠠᠪᠠ᠃ ᠤᠳᠤᠷᠢᠳᠬᠤ ᠺᠠᠳ᠋ᠷᠴᠤᠳ ᠲᠤ ᠰᠠᠨᠠᠭᠤᠯᠬᠤ᠂ ᠵᠠᠬᠢᠳᠠᠯ ᠢᠶᠠᠷ ᠠᠰᠠᠭᠤᠬᠤ ᠪᠠ ᠰᠡᠷᠡᠮᠵᠢᠯᠡᠭᠦᠯᠦᠨ ᠢᠳᠬᠠᠬᠤ ᠪᠠ ᠨᠠᠮ ᠤᠨ ᠭᠡᠰᠢᠭᠦᠨ ᠺᠠᠳ᠋ᠷᠴᠤᠳ ᠤᠨ ︽ᠵᠢᠵᠢᠭ ᠠᠰᠠᠭᠤᠳᠠᠯ︾ ᠢ ᠬᠠᠯᠠᠮᠵᠢᠯᠠᠨ ᠰᠠᠨᠠᠭᠤᠯᠬᠤ ᠪᠢᠴᠢᠭ ᠮᠠᠲ᠋ᠧᠷᠢᠶᠠᠯ ᠪᠠ ᠠᠵᠢᠯᠯᠠᠬᠤ ᠳᠦᠷᠢᠮ ᠢ ᠲᠣᠭᠲᠠᠭᠠᠵᠤ᠂ ᠤᠯᠤᠰ ᠲᠦᠷᠦ ᠦᠵᠡᠯ ᠰᠠᠨᠠᠭ᠎ᠠ᠂ ᠺᠠᠳ᠋ᠷ ᠤᠨ ᠰᠤᠷᠲᠠᠯ ᠤᠨ ᠤᠯᠠᠨ ᠲᠠᠯ᠎ᠠ ᠠᠴᠠ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠠᠨᠠᠭᠤᠯᠬᠤ ᠪᠣᠯᠭᠠᠵᠠᠢ᠃ ᠲᠣᠭᠤᠷᠢᠨ ᠪᠠᠶᠢᠴᠠᠭᠠᠬᠤ᠂ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠵᠤ ᠬᠢᠨᠠᠨ ᠵᠢᠯᠣᠭᠤᠳᠤᠭᠰᠠᠨ ᠦᠷ᠎ᠡ ᠳ᠋ᠦᠩ ᠪᠠ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠠᠰᠢᠭᠯᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠦᠷ᠎ᠡ ᠳ᠋ᠦᠩ ᠢ ᠬᠤᠯᠪᠤᠭᠠᠯᠠᠨ ᠬᠡᠷᠡᠭᠯᠡᠬᠦ᠂ ᠲᠤᠬᠠᠶᠢᠯᠠᠭᠰᠠᠨ ᠠᠵᠢᠯ ᠢ ᠬᠤᠯᠪᠤᠭᠠᠯᠠᠨ ᠬᠥᠳᠡᠯᠦᠯᠴᠡᠭᠰᠡᠨ ᠬᠢᠨᠠᠯᠲᠠ ᠲᠠᠯᠪᠢᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠯᠳᠦᠭᠦᠯᠪᠡ᠃ ᠬᠢᠨᠠᠯᠲᠠ ᠲᠠᠯᠪᠢᠬᠤ ᠪᠣᠭᠤᠮᠲᠠ ᠶᠢ ᠡᠮᠦᠨᠡᠰᠢ ᠰᠢᠯᠵᠢᠭᠦᠯᠵᠦ᠂ ᠶᠣᠰᠣ ᠳᠦᠷᠢᠮ ᠤᠨ ᠤᠬᠠᠮᠰᠠᠷ ᠪᠠ ᠬᠠᠤᠯᠢ ᠰᠠᠬᠢᠯᠭ᠎ᠠ ᠶᠢᠨ ᠦᠵᠡᠯᠲᠡ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠨᠡᠨᠴᠢ ᠰᠢᠳᠤᠷᠭᠤ ᠪᠠᠶᠢᠬᠤ ᠰᠠᠭᠤᠷᠢ ᠥᠩᠭᠡ ᠶᠢ ᠲᠠᠰᠤᠷᠠᠯᠲᠠ ᠦᠭᠡᠢ ᠲᠣᠳᠣ ᠪᠣᠯᠭᠠᠪᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ