ᠥᠪᠡᠷᠲᠡᠭᠡᠨ ᠵᠠᠰᠠᠬᠤ ᠣᠷᠣᠨ ᠤ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠭᠦᠭᠡᠬᠤᠳᠠ ᠳᠤ ᠬᠤᠷᠠᠯᠳᠤᠪᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠸᠠᠩ ᠯᠢ ᠰᠢᠶᠠ ᠵᠠᠩ ᠶᠠᠨ ᠺᠦᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/3/14
       3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
20240314-1.png   
              3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠣᠮᠢᠰᠰᠠᠷ᠂ ᠬᠡᠰᠡᠭ ᠮᠤᠵᠢ ᠶᠢᠨ ᠱᠠᠲᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠢ᠃       ᠰᠦᠨ ᠱᠤᠤ ᠴᠧᠩ᠂ ᠡᠨᠡ ᠤᠳᠠᠭ᠎ᠠ ᠶᠢᠨ ᠪᠦᠭᠦ ᠤᠯᠤᠰ ᠤᠨ ᠬᠤᠶᠠᠷ ᠬᠤᠷᠠᠯ ᠢ ᠮᠠᠰᠢ ᠲᠡᠭᠦᠰ ᠠᠮᠵᠢᠯᠲᠠ ᠲᠠᠢ ᠬᠤᠷᠠᠯᠳᠤᠭᠤᠯᠪᠠ᠂ ᠡᠨᠡ ᠪᠣᠯ ᠨᠢᠭᠡᠨ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠬᠦ ᠠᠳᠬᠤᠨ ᠪᠣᠳᠠᠲᠠᠢ ᠠᠵᠢᠯᠯᠠᠭᠰᠠᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠣᠯᠠᠨ ᠲᠠᠯᠠᠪᠤᠷ ᠲᠤ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠬᠡᠯᠡᠪᠡ᠃       ᠰᠦᠨ ᠱᠣᠣ ᠴᠧᠩ᠂ ᠨᠢᠳᠤᠨᠤᠨ ᠠᠴᠠ ᠨᠠᠭᠠᠰᠢ᠂ ᠲᠦᠢᠯ ᠤᠨ ᠨᠠᠷᠢᠨ ᠪᠤᠳᠤᠯᠢᠶᠠᠨᠲᠠᠢ ᠣᠯᠠᠨ ᠤᠯᠤᠰ ᠤᠨ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠪᠠᠲᠤᠲᠠᠢ ᠲᠡᠮᠡᠴᠡᠵᠦ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠯᠡᠮᠵᠢ ᠦᠷ᠎ᠡ ᠪᠦᠲᠦᠭᠡᠯ ᠣᠯᠪᠠ᠂ ᠡᠨᠡ ᠵᠢᠯ ᠪᠠᠰᠠ ᠬᠤᠪᠢᠷᠠᠯᠲᠠ ᠶᠢ ᠠᠷᠭᠠᠴᠠᠭᠠᠵᠤ ᠰᠢᠨ᠎ᠡ ᠶᠢ ᠡᠭᠦᠳᠬᠦ᠂ ᠢᠷᠡᠭᠡᠳᠦᠢ ᠶᠢᠨ ᠢᠯᠠᠯᠲᠠ ᠶᠢ ᠣᠯᠬᠤ ᠠᠯᠢ ᠤᠯᠠᠨ ᠡᠭᠦᠷᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠭᠦ ᠤᠯᠤᠰ ᠢᠶᠠᠷ ᠢᠶᠠᠨ ᠬᠦᠴᠢᠷ ᠪᠡᠷᠬᠡᠰᠢᠶᠡᠯ ᠤᠨ ᠳᠤᠮᠳᠠ ᠠᠮᠵᠢᠯᠲᠠ ᠣᠯᠬᠤ ᠪᠠᠷ ᠴᠢᠷᠮᠠᠶᠢᠬᠤ᠂ ᠥᠷᠢᠰᠦᠯᠳᠦᠨ ᠤᠷᠤᠭᠰᠢᠯᠠᠵᠤ ᠵᠢᠳᠬᠦᠯ ᠴᠢᠷᠮᠠᠶᠢᠯᠭ᠎ᠠ ᠭᠠᠷᠭᠠᠬᠤ ᠢᠲᠡᠭᠡᠯ ᠵᠣᠷᠢᠭ ᠢ ᠨᠡᠩ ᠪᠠᠲᠤᠳᠬᠠᠪᠠ᠃ ︽ᠬᠤᠶᠠᠷ ᠢ ᠲᠣᠭᠲᠠᠭᠠᠭᠰᠠᠨ︾ ᠪᠣᠯ ᠪᠢᠳᠡᠨ ᠤ ᠠᠯᠢᠪᠠ ᠠᠵᠢᠯ ᠢ ᠰᠠᠶᠢᠲᠤᠷ ᠬᠢᠬᠦ ᠶᠢᠨ ᠢᠲᠡᠭᠡᠯ ᠵᠣᠷᠢᠭ ᠤᠨ ᠦᠨᠳᠦᠰᠦ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠶᠢᠨ ᠢᠯᠠᠯᠲᠠ ᠶᠢᠨ ᠡᠬᠢ ᠮᠥᠨ ᠭᠡᠳᠡᠭ ᠢ ᠦᠢᠯᠡᠳᠦᠯᠭᠡ ᠲᠠᠭᠢᠨ ᠳᠠᠪᠲᠠᠨ ᠭᠡᠷᠡᠴᠢᠯᠡᠪᠡ᠃ ᠡᠯ᠎ᠡ ᠱᠠᠲᠤᠨ ᠤ ᠬᠢᠨ ᠮᠠᠨ ᠤ ᠤᠯᠤᠰ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠪᠣᠯᠣᠨ ᠭᠡᠷᠡᠯ ᠰᠠᠴᠤᠷᠠᠩᠭᠤᠢ ᠠᠯᠤᠰ ᠢᠷᠡᠭᠡᠳᠦᠢ ᠠᠴᠠ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠯᠣᠭᠤᠳᠤᠯᠭ᠎ᠠ ᠵᠠᠷᠯᠢᠭ ᠵᠢᠭᠠᠪᠤᠷᠢ ᠶᠢ ᠰᠡᠳᠬᠢᠯ ᠲᠠᠯᠪᠢᠨ ᠰᠣᠨᠣᠰᠴᠤ᠂ ᠶᠡᠷᠦᠩᠬᠡᠢ ᠱᠦᠵᠢ ᠬᠠᠮᠢᠭᠠᠰᠢ ᠵᠢᠭᠠᠪᠠᠯ ᠳᠠᠷᠤᠢ ᠲᠦᠮᠡᠨ ᠪᠡᠷᠬᠡ ᠶᠢ ᠢᠯᠠᠨ ᠳᠠᠪᠠᠵᠤ ᠲᠡᠨᠳᠡ ᠬᠦᠷᠴᠦ ᠢᠯᠠᠯᠲᠠ ᠣᠯᠬᠤ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠠᠴᠠ ᠬᠤᠶᠠᠷ ᠶᠡᠭᠡ ᠶᠠᠪᠤᠳᠠᠯ ᠢ ᠴᠢᠨᠠᠭᠰᠢᠳᠠ ᠰᠠᠶᠢᠲᠤᠷ ᠬᠢᠬᠦ ᠬᠥᠳᠡᠯᠭᠡᠬᠦ ᠬᠦᠴᠦᠨ ᠢ ᠣᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠡᠷᠢᠬᠦ ᠪᠠ ᠰᠠᠶᠢᠲᠤᠷ ᠬᠡᠷᠡᠭᠯᠡᠵᠦ᠂ ᠥᠪᠥᠷ ᠮᠣᠩᠭᠤᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠨᠢᠭᠡ ᠪᠦᠷᠢ ᠶᠢ ᠴᠥᠮ ᠪᠣᠳᠠᠲᠠᠢ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠥᠲᠥᠯᠥᠮᠵᠢ ᠪᠣᠯᠭᠠᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠠᠭᠤᠳᠠᠯᠬᠤ ᠪᠠ ᠪᠤᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠴᠢᠯᠡᠬᠦ ᠶᠢ ᠠᠬᠢᠭᠤᠯᠬᠤ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠠ ᠲᠣᠭᠢᠶᠠᠯ ᠢ ᠠᠮᠵᠢᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢ ᠦᠢᠯᠡᠳᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠵᠡᠷᠭᠡ ᠠᠵᠤ ᠦᠢᠯᠡᠰ ᠢ ᠰᠠᠶᠢᠲᠤᠷ ᠬᠢᠬᠦ ᠬᠡᠷᠡᠭᠲᠡᠢ᠃ ᠭᠤᠣᠯ ᠬᠦᠴᠦᠨ ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠣᠨ ᠰᠦᠩ ᠬᠠᠯᠢᠶ᠎ᠠ ᠦᠶᠡᠷ ᠢ ᠰᠡᠷᠭᠡᠶᠢᠯᠡᠬᠦ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ᠂ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠲᠦᠭᠡᠯᠴᠢ ᠴᠢᠨᠠᠷᠲᠠᠢ ᠪᠠᠷ ᠡᠭᠦᠷᠭᠡ ᠲᠤᠰᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠲᠠᠯ᠎ᠠ ᠶᠢᠨ ᠠᠵᠢᠯ ᠢᠶᠠᠨ ᠢᠳᠡ ᠬᠦᠴᠦᠲᠡᠢ ᠶᠠᠪᠤᠭᠳᠠᠭᠤᠯᠪᠠ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠦᠴᠦᠯᠡᠬᠦ ᠭᠤᠣᠯᠳᠠᠯᠭ᠎ᠠ ᠪᠠᠨ ᠴᠢᠨᠠᠭᠰᠢᠳᠠ ᠣᠨᠣᠪᠴᠢᠲᠠᠶ ᠡᠷᠢᠵᠦ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠷᠢᠯᠴᠠᠵᠤ ᠦᠢᠯᠡᠴᠢᠯᠡᠬᠦ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠵᠡᠷᠭᠡ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠠᠵᠢᠯ ᠤᠨ ᠳᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠤ ᠤᠯᠠᠨ ᠤᠳᠠᠭ᠎ᠠ ᠴᠢᠬᠤᠯᠠᠴᠢᠯᠠᠭᠰᠠᠨ ᠴᠢᠬᠤᠯᠠ ᠱᠠᠭᠠᠷᠳᠠᠯᠭ᠎ᠠ ᠪᠤᠯᠬᠤ ᠪᠥᠭᠡᠳ ᠮᠥᠨ ᠴᠤ ᠶᠡᠭᠡ ᠬᠤᠷᠠᠯ ᠠᠴᠠ ᠬᠥᠮᠥᠰ ᠲᠤ ᠦᠯᠡᠳᠡᠭᠡᠭᠰᠡᠨ ᠭᠦᠨ ᠰᠠᠭᠤᠭᠳᠠᠯ ᠪᠣᠯᠣᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠪᠦᠭᠦ ᠤᠯᠤᠰ ᠤᠨ ᠬᠤᠶᠠᠷ ᠬᠤᠷᠠᠯ ᠤᠨ ᠰᠢᠨ᠎ᠡ ᠳᠦᠷᠰᠦ ᠪᠠᠶᠢᠳᠠᠯ ᠢ ᠰᠤᠷᠤᠯᠴᠠᠬᠤ ᠳᠤᠮᠳᠠ ᠦᠨᠡᠨ ᠬᠦ ᠠᠳᠬᠤᠵᠤ ᠪᠣᠳᠠᠲᠠᠢ ᠠᠵᠢᠯᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠳᠠᠭᠠᠭᠤᠯᠵᠤ ᠢᠲᠡᠭᠡᠯ ᠵᠣᠷᠢᠭ ᠪᠠ ᠡᠷᠴᠢ ᠬᠦᠴᠦᠨ ᠢ ᠨᠢ ᠬᠥᠪᠴᠢᠯᠡᠬᠦ ᠬᠡᠷᠡᠭᠲᠡᠢ᠃ ᠥᠪᠥᠷ ᠮᠣᠩᠭᠤᠯ ᠤᠨ ᠺᠠᠳ᠋ᠷ ᠲᠤ ᠠᠪᠴᠤ ᠬᠡᠯᠡᠪᠡᠯ᠂ ᠵᠥᠪᠭᠡᠨ ᠢᠲᠡᠭᠡᠯ ᠪᠠᠶᠢᠭᠠᠳ ᠪᠤᠯᠬᠤ ᠦᠭᠡᠢ᠂ ᠪᠠᠰᠠ ᠠᠤᠭ᠎ᠠ ᠵᠣᠷᠢᠭ ᠲᠠᠢ ᠪᠠᠶᠢᠬᠤ ᠬᠡᠷᠡᠭᠲᠡᠢ᠃ ᠵᠣᠷᠢᠭᠲᠠᠢ ᠪᠠᠷ ᠲᠡᠷᠢᠭᠦᠨ ᠤ ᠬᠢ ᠶᠢ ᠲᠡᠮᠡᠴᠡᠨ ᠡᠮᠦᠨ᠎ᠡ ᠨᠢ ᠣᠷᠣᠬᠤ ᠪᠠᠷ ᠴᠢᠷᠮᠠᠶᠢᠵᠤ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠣᠨᠢᠯᠠᠵᠤ ᠰᠤᠯᠠᠷᠠᠭᠤᠯᠤᠯ ᠦᠭᠡᠢ ᠠᠳᠬᠤᠵᠤ᠂ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠡᠨᠡ ᠵᠢᠯ ᠲᠠᠭᠢᠨ ᠨᠢᠭᠡ ᠶᠡᠭᠡ ᠠᠯᠬᠤᠮ ᠤᠷᠤᠭᠰᠢᠯᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠬᠢᠨ ᠦᠨᠡᠨ ᠪᠣᠳᠠᠲᠠᠢ ᠪᠠᠷ ᠠᠵᠢᠯ ᠢᠶᠠᠨ ᠲᠥᠯᠥᠪᠯᠡᠵᠦ ᠠᠵᠢᠯ ᠬᠢᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ᠂ ᠴᠠᠭ ᠮᠥᠴᠡ ᠤᠶᠤᠨ ᠴᠢᠳᠠᠯ ᠢᠶᠠᠨ ᠬᠡᠢ ᠬᠤᠭᠤᠰᠤᠨ ᠶᠠᠪᠤᠳᠠᠯ ᠪᠣᠯᠣᠨ ᠰᠣᠷᠲᠣᠭᠤᠯᠠᠵᠤ ᠶᠠᠩᠪᠠᠯᠠᠬᠤ ᠳᠡᠭᠡᠷ᠎ᠡ ᠪᠦᠷᠢᠯᠭᠡᠵᠦ ᠪᠤᠯᠬᠤ ᠦᠭᠡᠢ᠃ ︽ᠠᠯᠢᠪᠠ ᠪᠦᠭᠦᠨ ᠳᠤ ᠦᠷ᠎ᠡ ᠳ᠋ᠦᠩ ᠢᠶᠠᠷ ᠨᠢ ᠦᠭᠡ ᠬᠡᠯᠡᠬᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ︾ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠦᠭᠦ ᠠᠩᠬᠠᠷᠤᠯ ᠢᠶᠠᠨ ᠬᠠᠷᠠᠯᠲᠠ ᠪᠠᠨ ᠣᠨᠢᠯᠠᠨ ᠪᠠᠶᠢᠯᠳᠤᠭᠠᠨ ᠬᠢᠬᠦ ᠶᠢ ᠱᠠᠯᠠᠪᠳᠠᠭᠤᠯᠬᠤ ᠳᠡᠭᠡᠷ᠎ᠡ ᠲᠥᠪᠯᠡᠷᠡᠭᠦᠯᠬᠦ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠯ ᠤᠨ ᠡᠴᠦᠰ ᠲᠤ ᠦᠷ᠎ᠡ ᠳ᠋ᠦᠩ ᠪᠣᠯᠣᠨ ᠪᠣᠳᠠᠲᠤ ᠦᠷ᠎ᠡ ᠪᠦᠲᠦᠮᠵᠢ ᠶᠢ ᠯᠡ ᠦᠵᠡᠨ᠎ᠡ ᠭᠡᠵᠦ ᠬᠡᠯᠡᠪᠡ᠃       ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ