ᠸᠠᠩ ᠯᠢ ᠰᠢᠶᠠ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠯᠪᠠᠯᠠᠵᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/3/15
       3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠯᠪᠠᠯᠠᠨ ᠰᠢᠢᠳᠪᠦᠷᠢᠯᠡᠪᠡ᠃
   20240315-1.jpg 
       ᠮᠧᠩ ᠰᠢᠨ ᠪᠦᠯᠦᠭᠯᠡᠯ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠤᠰᠤᠲᠥ᠋ᠷᠥᠭᠴᠢ ᠰᠢᠪᠲᠣᠷ ᠤᠨ ᠦᠢᠯᠡᠳᠬᠦᠨ ᠢ ᠰᠠᠶ᠋ᠢᠬᠠᠨ ᠦᠢᠯᠡᠳᠪᠦᠷᠢᠯᠡᠵᠦ ᠭᠠᠷᠭᠠᠪᠠ᠂ ᠸᠠᠩ ᠯᠢ ᠰᠢᠶᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠯᠠᠪᠯᠠᠨ ᠠᠰᠠᠭᠤᠵᠤ᠂ ᠲᠤᠬᠠᠢ ᠶᠢᠨ ᠲᠠᠯᠠᠪᠠᠢ ᠳᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠲᠡᠷᠡ ᠠᠵᠤ ᠠᠬᠤᠶᠢᠯᠠᠯ ᠤᠨ ᠬᠢᠨ ᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠵᠠᠮ ᠨᠡᠭᠡᠭᠡᠬᠦ ᠶᠢ ᠵᠣᠷᠢᠭᠵᠢᠭᠤᠯᠪᠠ᠃
20240315-2.jpg
       ᠳ᠋ᠦᠩ ᠱᠠᠨ ᠬᠥᠩᠭᠡᠨᠴᠠᠭᠠᠨ ᠤ ᠦᠢᠯᠡᠰ ᠤᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠬᠦᠷᠴᠢᠭᠢᠨᠡᠵᠦ᠂ ᠢᠳᠡ ᠬᠥᠭ ᠲᠠᠢ ᠠᠵᠢᠭᠯᠠᠵᠤ ᠪᠠᠶᠢᠯ᠎ᠠ᠂ ᠸᠠᠩ ᠯᠢ ᠰᠢᠶᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠳᠤ ᠡᠯ᠎ᠡ ᠲᠥᠷᠥᠯ ᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠪᠥᠬᠦ ᠦᠶᠡᠯᠡᠯ ᠤᠨ ᠬᠤᠭᠤᠴᠠᠭᠠᠨ ᠤ ︽ᠢᠵᠢ ᠦᠢᠯᠡᠴᠢᠯᠡᠭᠡ︾ ᠬᠠᠩᠭᠠᠬᠤ ᠬᠡᠷᠡᠭᠲᠡᠢ ᠭᠡᠵᠦ ᠵᠠᠬᠢᠪᠠ᠃    ᠸᠠᠩ ᠯᠢ ᠰᠢᠶᠠ ᠪᠠᠰᠠ ᠮᠢᠩ ᠶᠤᠸᠠᠢ ᠺᠣᠮᠫᠠᠨᠢ ᠶᠢᠨ ᠳᠡᠭᠡᠳᠦ ᠳᠡᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠰᠢᠩ ᠶᠣᠣ ᠸᠣᠯᠹᠷᠣᠮ ᠮᠣᠯᠢᠪᠳᠧᠨ ᠤ ᠳᠡᠭᠡᠳᠦ ᠳᠡᠰ ᠤᠨ ᠬᠠᠶᠢᠯᠤᠰᠢ ᠶᠢᠨ ᠮᠠᠲ᠋ᠧᠷᠢᠶᠠᠯ ᠦᠢᠯᠡᠳᠬᠦ ᠰᠠᠭᠤᠷᠢᠨ ᠤ ᠲᠥᠷᠥᠯ ᠵᠦᠢᠯ ᠤᠨ ᠦᠢᠯᠡᠳᠪᠦᠷᠢ ᠶᠢᠨ ᠲᠠᠰᠤᠭ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠬᠡᠷᠡᠭᠯᠡᠭᠡᠨ ᠤ ᠦᠵᠡᠭᠳᠡᠯ ᠲᠠᠯᠠᠪᠤᠷ ᠵᠡᠷᠭᠡ ᠪᠠᠶᠢᠳᠠᠯ ᠢ ᠣᠶᠢᠯᠠᠭᠠᠪᠠ᠃       ᠸᠠᠩ ᠯᠢ ᠰᠢᠶᠠ ᠠᠵᠤ ᠠᠬᠤᠶᠢᠯᠠᠯᠲᠠᠳ ᠲᠤ᠂ ᠥᠪᠥᠷ ᠮᠣᠩᠭᠤᠯ ᠶᠠᠭ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠂ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠵᠤ᠂ ᠶᠡᠭᠡ ᠦᠢᠯᠡᠰ ᠢ ᠪᠦᠲᠦᠭᠡᠵᠦ ᠪᠣᠯᠣᠨ᠎ᠠ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠳ ᠥᠪᠥᠷ ᠮᠣᠩᠭᠤᠯ ᠳᠤ ᠦᠨᠳᠦᠰᠦᠯᠡᠵᠦ᠂ ᠥᠪᠥᠷ ᠮᠣᠩᠭᠤᠯ ᠳᠤ ᠭᠦᠨᠵᠡᠭᠡᠶᠢᠷᠡᠨ ᠬᠥᠭᠵᠢᠵᠦ᠂ ᠨᠡᠩ ᠣᠯᠠᠨ ᠰᠢᠯᠢᠳᠡᠭ ᠲᠥᠷᠥᠯ ᠵᠦᠢᠯ ᠢ ᠥᠪᠥᠷ ᠮᠣᠩᠭᠤᠯ ᠳᠤ ᠨᠤᠲᠤᠭᠰᠢᠭᠤᠯᠤᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃       ᠲᠡᠷᠡ᠂ ᠡᠯ᠎ᠡ ᠱᠠᠲᠤᠨ ᠤ ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠶᠢᠯᠠᠯᠲᠠᠨ ᠢ ᠭᠡᠷ ᠤᠨ ᠬᠥᠮᠥᠨ ᠢᠶᠠᠨ ᠮᠡᠲᠦ ᠪᠣᠳᠣᠵᠤ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠠᠰᠠᠭᠤᠳᠠᠯ ᠲᠤᠯᠭᠠᠷᠠᠪᠠᠯ ᠦᠨᠡᠨ ᠪᠣᠳᠠᠲᠠᠢ ᠴᠢᠷᠮᠠᠶᠢᠨ ᠰᠢᠢᠳᠪᠦᠷᠢᠯᠡᠵᠦ᠂ ᠦᠢᠯᠡᠴᠢᠯᠡᠭᠡ ᠪᠠᠲᠤᠯᠠᠭ᠎ᠠ ᠶᠢ ᠦᠨᠡᠨ ᠪᠣᠳᠠᠲᠠᠢ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠭᠠᠷ ᠬᠤᠯᠪᠣᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ