2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 1
ᠨᠡᠶᠢᠲᠡᠯᠡᠭᠰᠡᠨ ᠴᠠᠭ᠄
2024/3/15
       — 2024 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ  ᠯᠢ ᠴᠢᠶᠠᠩᠲᠥᠯᠥᠭᠡᠯᠡᠭᠴᠢᠳ ᠠ᠋᠄       ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃       ᠨᠢᠭᠡ᠂ 2023 ᠣᠨ ᠤ ᠠᠵᠢᠯ ᠤᠨ ᠡᠷᠭᠢᠴᠡᠭᠦᠯᠦᠯ       ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ ᠲᠤᠶᠢᠯ ᠤᠨ ᠲᠦᠪᠡᠭ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃       — ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ᠃       — ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ᠃ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ᠃ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ ᠣᠷᠣᠭᠤᠯᠵᠤ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ ᠦᠢᠯᠡᠳᠴᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ ᠪᠥᠮᠪᠥᠷᠴᠡᠭ ᠲᠤ ᠡᠵᠡᠯᠡᠬᠦ ᠬᠤᠪᠢ ᠶᠢᠨ ᠵᠢᠩ 60% ᠶᠢ ᠳᠠᠪᠠᠵᠠᠢ᠃       — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠡᠯᠪᠡᠭ ᠦᠷ᠎ᠡ ᠪᠦᠲᠦᠭᠡᠯ ᠣᠯᠵᠤ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ ᠬᠥᠭᠵᠢᠵᠦ᠂ ᠵᠣᠬᠢᠶᠠᠮᠠᠯ ᠤᠶᠤᠯᠢᠬ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6% ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃       — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ  ᠲᠠᠢ ᠪᠠᠷ ᠶᠠᠪᠤᠭᠳᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ ᠭᠠᠳᠠᠭᠠᠳᠤ ᠭᠠᠷᠭᠠᠯᠲᠠ ᠶᠢᠨ ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠣᠳᠣ ᠢᠯᠡᠷᠡᠭᠦᠯᠪᠡ᠃       — ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ᠃ ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ᠃ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠵᠤ ᠠᠬᠤᠢ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃       ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ ᠲᠠᠯ᠎ᠠ ᠪᠠᠷ ᠡᠬᠢᠯᠡᠭᠦᠯᠪᠡ᠃ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ ᠴᠠᠭᠢᠯᠭᠠᠨ ᠠᠴᠠ ᠲᠡᠦᠬᠡᠲᠦ ᠴᠢᠨᠠᠷᠲᠠᠢ ᠪᠠᠷ ᠳᠠᠪᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ᠃       ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃       ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠣᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ