2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 2
ᠨᠡᠶᠢᠲᠡᠯᠡᠭᠰᠡᠨ ᠴᠠᠭ᠄
2024/3/15
       ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃       ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦᠶᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ  ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃       ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃       ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃       ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ  ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠤᠨ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃      ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠭᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ