2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 3
ᠨᠡᠶᠢᠲᠡᠯᠡᠭᠰᠡᠨ ᠴᠠᠭ᠄
2024/3/15
       ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠪᠡ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃       ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃       ᠲᠥᠯᠥᠭᠡᠯᠡᠭᠴᠢᠳ ᠠ᠋︕       ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠣᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕       ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ       ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠦᠨᠡᠨ ᠬᠦ ᠰᠠᠶᠢᠵᠢᠷᠠᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠲᠤᠳᠬᠠᠨ ᠴᠢᠩᠭᠠᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ