2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 4
ᠨᠡᠶᠢᠲᠡᠯᠡᠭᠰᠡᠨ ᠴᠠᠭ᠄
2024/3/15
       ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠣᠷᠴᠢᠨ ᠨᠥᠬᠦᠴᠡᠯ ᠮᠥᠨ ᠬᠦ ᠪᠠᠶᠢᠯᠳᠤᠬᠤ ᠪᠣᠳᠣᠯᠭ᠎ᠠ ᠶᠢᠨ ᠲᠣᠭᠢᠶᠠᠯ ᠪᠠ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠢᠯᠡᠭᠦᠦ ᠪᠠᠶᠢᠨ᠎ᠠ᠃ ᠮᠠᠨ ᠤ ᠤᠯᠤᠰ ᠲᠤ ᠢᠯᠡ ᠲᠣᠳᠣ ᠪᠠᠶᠢᠭᠤᠯᠤᠯ ᠤᠨ ᠳᠠᠪᠠᠭᠤᠯᠢᠭ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ ᠳᠠᠪᠠᠭᠤᠯᠢᠭ᠂ ᠬᠡᠪ ᠴᠢᠨᠠᠷ ᠰᠠᠶᠢᠲᠠᠢ ᠬᠥᠳᠡᠯᠮᠦᠷᠢᠴᠢᠨ ᠣᠯᠠᠨ ᠪᠠᠶᠢᠳᠠᠭ ᠴᠢᠳᠠᠪᠤᠷᠢᠲᠠᠨ ᠤ ᠳᠠᠪᠠᠭᠤᠯᠢᠭ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠶᠢᠷᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ ᠠᠵᠤ ᠠᠬᠤᠢ ᠰᠡᠷᠭᠦᠨ ᠰᠠᠶᠢᠵᠢᠷᠠᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ ᠦᠭᠡᠢ ᠶᠤᠮ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠢᠭᠲᠠᠢ ᠲᠣᠭᠢᠶᠠᠯ ᠢ ᠠᠯᠳᠠᠯ ᠦᠭᠡᠢ ᠠᠮᠵᠢᠵᠤ᠂ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠨ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ ᠢ ᠭᠦᠢᠴᠡᠳ ᠳᠠᠶᠢᠴᠢᠯᠠᠳᠠᠭ ᠯᠠ ᠶᠤᠮ ᠪᠣᠯ ᠯᠠᠪᠲᠠᠶᠢᠶ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠵᠤ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠶᠢ ᠠᠬᠢᠭᠤᠯᠵᠤ ᠴᠢᠳᠠᠬᠤ ᠶᠤᠮ᠃       ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ;ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ;ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ;ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ;ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ;ᠠᠮᠤ ᠪᠤᠳᠠᠭᠠᠨ ᠤ ᠤᠨᠠᠯᠳᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ; ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.5% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠠ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠬᠡᠷᠡᠭᠴᠡᠭᠡ ᠶᠢ ᠪᠣᠳᠣᠯᠬᠢᠯᠠᠭᠰᠠᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠲᠤᠯᠭᠠᠭᠤᠷᠢᠯᠠᠬᠤ ᠨᠥᠬᠦᠴᠡᠯ ᠢ ᠴᠤ ᠪᠣᠳᠣᠯᠬᠢᠯᠠᠭᠰᠠᠨ ᠶᠤᠮ᠂ ᠡᠨᠡ ᠨᠢ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠠᠮᠵᠢᠯᠲᠠ ᠪᠦᠳᠥᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ ᠱᠠᠭᠠᠷᠳᠠᠯᠭ᠎ᠠ ᠶᠢ ᠢᠯᠡᠷᠡᠭᠦᠯᠪᠡ᠃ ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠭᠢᠨ ᠴᠢᠷᠮᠠᠶᠢᠨ ᠠᠵᠢᠯᠯᠠᠵᠤ᠂ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠴᠢᠬᠤᠯᠠᠲᠠᠢ᠃       ᠪᠢᠳᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠬᠡᠷᠡᠭᠲᠡᠢ᠃ ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠢᠱᠢᠯᠲᠡ ᠶᠢ ᠲᠣᠭᠲᠠᠭᠤᠨ ᠪᠠᠶᠢᠯᠭᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠲᠣᠭᠲᠠᠭᠠᠵᠤ᠂ ᠠᠪᠴᠢᠭᠠᠬᠤ ᠴᠢᠨᠠᠷᠲᠠᠢ ᠬᠤᠷᠢᠭᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠢᠨᠠᠭᠤᠷ ᠪᠣᠯᠭᠤᠮᠵᠢᠲᠠᠢ ᠨᠡᠶᠢᠲᠡᠯᠡᠵᠦ᠂ ᠴᠢᠨᠠᠷ ᠰᠠᠶᠢᠲᠠᠢ ᠬᠥᠭᠵᠢᠯᠲᠡ ᠯᠦᠭᠡ ᠵᠥᠷᠢᠴᠡᠯᠳᠦᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠲᠢᠭᠯᠡᠭᠦ ᠪᠠ ᠬᠦᠴᠦᠨ ᠦᠭᠡᠢ ᠪᠤᠯᠭᠠᠬᠤ ᠬᠡᠷᠡᠭᠲᠡᠢ᠃ ᠤᠷᠤᠭᠰᠢᠯᠠᠭᠤᠯᠬᠤ ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ᠂ ᠢᠯᠠᠩᠭᠤᠶ᠎ᠠ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠭᠦᠯᠦᠨ ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃       ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ ᠪᠣᠯᠣᠨ ᠡᠳ᠋ ᠤᠨ ᠵᠠᠰᠠᠭ ᠤᠨ ᠦᠷᠭᠦᠯᠵᠢᠯᠡᠬᠦᠶᠢᠴᠡ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠡᠶᠢᠯᠡᠯ ᠢ ᠰᠢᠯᠢᠳᠡᠭᠵᠢᠭᠦᠯᠦᠨ᠎ᠡ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠤᠨ᠂ ᠤᠯᠠᠭᠠᠨ ᠲᠤᠭ᠎ᠠ ᠶᠢᠨ ᠬᠡᠪᠴᠢᠶ᠎ᠡ ᠶᠢ 4.06 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠥ ᠵᠢᠯ ᠤᠨ ᠵᠢᠯ ᠤᠨ ᠡᠬᠢᠨ ᠤ ᠲᠥᠰᠥᠪ ᠠᠴᠠ 1800 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ ᠶᠢᠨ ᠳᠡᠭᠡᠷ᠎ᠡ ᠰᠢᠯᠵᠢᠭᠦᠯᠦᠨ ᠣᠷᠣᠭᠤᠯᠬᠤ ᠪᠡᠯᠡ ᠮᠥᠩᠭᠦ ᠵᠡᠷᠭᠡ ᠶᠢ ᠨᠡᠮᠡᠪᠡᠯ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ 28.5 ᠲᠦᠮᠡᠨ ᠳ᠋ᠦᠩᠰᠢᠭᠤᠷ ᠲᠥᠭᠦᠷᠢᠭ ᠪᠣᠯᠵᠤ᠂ ᠲᠦᠷᠦᠭᠦᠦ ᠵᠢᠯ ᠤᠨ ᠬᠢ ᠠᠴᠠ 1.1 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.9 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠵᠠᠷᠢᠮ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠠᠴᠠ ᠡᠬᠢᠯᠡᠨ ᠵᠠᠯᠭᠠᠭ᠎ᠠ ᠪᠠᠷ ᠬᠡᠳᠦᠨ ᠵᠢᠯ ᠭᠡᠳᠥ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠲᠠᠷᠬᠠᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠳᠤ ᠲᠤᠰᠬᠠᠢ ᠬᠡᠷᠡᠭᠯᠡᠭᠦᠯᠵᠦ᠂ ᠡᠨᠡ ᠵᠢᠯ ᠤᠷᠢᠳ ᠢᠶᠠᠷ ᠲᠦᠮᠡᠨ ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ᠃ ᠣᠳᠣ ᠣᠯᠠᠨ ᠲᠠᠯ᠎ᠠ ᠪᠠᠷ ᠴᠥᠮ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠴᠢᠬᠤᠯᠠᠲᠠᠢ ᠪᠣᠯᠬᠤᠷ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ ᠣᠷᠣᠨ ᠲᠡᠶᠢᠰᠢ ᠵᠣᠬᠢᠰᠲᠠᠢ ᠬᠡᠯᠪᠡᠶᠢᠯᠭᠡᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠡᠳ᠋ ᠤᠨ ᠬᠦᠴᠦᠨ ᠤ ᠬᠤᠪᠢᠶᠠᠷᠢᠯᠠᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠲᠡᠮᠵᠢᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠡᠭᠭᠡᠨ ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠬᠢᠬᠦ ᠶᠢ ᠴᠢᠩᠭ᠎ᠠ ᠴᠠᠭᠠᠵᠠᠯᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠨ ᠠᠮᠢᠳᠤᠷᠠᠬᠤ ᠳᠠᠳᠬᠠᠯ ᠲᠠᠢ ᠪᠣᠯᠵᠤ᠂ ᠦᠨᠡᠨ ᠬᠦ ᠨᠠᠷᠢᠯᠢᠭ ᠪᠤᠳᠤᠵᠤ ᠨᠢᠮᠪᠠᠢ ᠲᠥᠯᠥᠪᠯᠡᠨ᠂ ᠡᠳ᠋ ᠤᠨ ᠵᠠᠰᠠᠭ ᠤᠨ ᠪᠡᠯᠡ ᠮᠥᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃       ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠨᠠᠷᠢᠯᠢᠭ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠭᠤᠯᠤᠨ᠎ᠠ᠃ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠭ᠎ᠠ ᠶᠢ ᠴᠢᠩᠭᠠᠳᠬᠠᠵᠤ᠂ ᠬᠠᠳᠠᠭᠠᠯᠠᠯᠲᠠ ᠶᠢ ᠠᠮᠢᠳᠤᠯᠢᠭᠵᠢᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠦ ᠶᠢᠨ ᠰᠤᠯᠠ ᠳᠠᠷᠤᠭᠳᠠᠬᠤ ᠪᠠ ᠬᠤᠭᠤᠰᠤᠨ ᠡᠷᠭᠢᠯᠳᠦᠬᠦ ᠠᠴᠠ ᠵᠠᠶᠢᠯᠠᠰᠬᠢᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ᠃ ᠠᠷᠠᠳ ᠤᠨ ᠵᠣᠭᠤᠰ ᠤᠨ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃       ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ᠃ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ᠂ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠢᠵᠢᠯ ᠴᠢᠭᠯᠡᠯ ᠢᠶᠠᠷ ᠬᠦᠴᠦᠯᠡᠵᠦ᠂ ᠨᠡᠶᠢᠯᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠣᠨᠣᠰᠬᠤ ᠪᠠ ᠰᠢᠩᠭᠡᠬᠡᠨ ᠠᠪᠴᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠮᠡᠯ ᠦᠢᠯᠡᠳᠦᠯ ᠢ ᠶᠡᠬᠡᠰᠬᠡᠵᠦ᠂ ᠨᠢᠭᠡ ᠶᠢ ᠨᠢ ᠠᠩᠬᠠᠷᠤᠭᠠᠳ ᠨᠦᠭᠦᠭᠡ ᠶᠢ ᠨᠢ ᠤᠷᠭᠢᠬᠤ ᠪᠠ ᠬᠠᠷᠢᠯᠴᠠᠨ ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ᠃ ᠨᠥᠭᠡᠴᠡ ᠲᠥᠷᠥ ᠶᠢᠨ ᠪᠣᠳᠣᠯᠭ᠎ᠠ ᠶᠢ ᠰᠤᠳᠤᠯᠬᠤ ᠳᠠᠭᠠᠨ ᠪᠠᠷᠠᠯᠠᠭᠢᠯᠠᠯᠲᠤ ᠴᠢᠨᠠᠷ ᠢ ᠨᠢ ᠴᠢᠩᠭᠠᠷᠠᠭᠤᠯᠤᠨ᠂ ᠪᠠᠭᠠᠵᠢ ᠶᠢᠨ ᠬᠠᠶᠢᠷᠴᠠᠭ ᠢ ᠨᠢ ᠪᠠᠶᠠᠯᠢᠭᠵᠢᠭᠤᠯᠬᠤ ᠶᠢᠨ ᠬᠠᠮᠲᠤ ᠦᠯᠡᠭᠦᠴᠡ ᠵᠠᠢ ᠦᠯᠡᠳᠡᠭᠡᠨ᠂ ᠴᠢᠬᠤᠯᠠᠲᠠᠢ ᠦᠶ᠎ᠡ ᠳᠤ ᠴᠠᠭ ᠲᠤᠬᠠᠢ ᠳᠤᠨᠢ ᠬᠡᠷᠡᠭᠵᠢᠭᠦᠯᠬᠦ ᠪᠠ ᠦᠢᠯᠡᠳᠦᠯ ᠢ ᠨᠢ ᠪᠦᠲᠦᠮᠵᠢᠲᠡᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠦᠨᠡᠯᠡᠨ ᠵᠢᠱᠢᠬᠦ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠴᠢᠬᠤᠯᠠ ᠪᠠᠷᠢᠮᠵᠢᠶ᠎ᠠ ᠪᠤᠯᠭᠠᠵᠤ᠂ ᠴᠠᠭ ᠲᠤᠬᠠᠢ ᠳᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ ᠣᠨᠣᠴᠠᠲᠠᠢ ᠰᠠᠶᠢᠲᠤᠷ ᠬᠢᠵᠦ᠂ ᠲᠣᠭᠲᠠᠭᠤᠨ ᠪᠥᠭᠡᠳ ᠢᠯᠡ ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ