2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 5
ᠨᠡᠶᠢᠲᠡᠯᠡᠭᠰᠡᠨ ᠴᠠᠭ᠄
2024/3/15
       ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠴᠢᠬᠤᠯᠠ ᠶᠡᠭᠡ ᠬᠠᠷᠢᠴᠠᠭ᠎ᠠ ᠶᠢ ᠡᠵᠡᠮᠳᠡᠬᠦ ᠪᠠ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦᠯᠢ ᠴᠣᠭᠴᠠ ᠠᠴᠠ ᠨᠢ ᠭᠦᠨᠵᠡᠭᠡᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠦᠨᠳᠦᠰᠦ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ ᠠᠵᠢᠯ ᠤᠨ ᠪᠣᠳᠣᠯᠬᠢᠯᠠᠬᠤ ᠴᠡᠭ᠂ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠨ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠠᠶᠢᠨ ᠦᠢᠯᠡᠳᠦᠯᠴᠡᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠬᠥᠭᠵᠢᠯᠲᠡ ᠳᠤ ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ ᠬᠠᠨᠳᠤᠬᠤ ᠶᠢ ᠴᠢᠬᠤᠯᠠᠴᠢᠯᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠢ ᠰᠢᠢᠳᠪᠦᠷᠢᠯᠡᠬᠦ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠬᠡᠷᠡᠭᠲᠡᠢ᠃ ᠦᠨᠳᠦᠰᠦᠨ ᠠᠴᠠ ᠨᠢ ᠠᠪᠴᠤ ᠬᠡᠯᠡᠪᠡᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ᠃ ᠪᠢᠳᠡ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃       ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ       ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ ᠬᠢᠵᠠᠭᠠᠷᠯᠠᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃       ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠯᠡᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠯᠡᠨ ᠠᠬᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠶ ᠪᠤᠯᠭᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃       ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭ᠎ᠠ ᠶᠢ ᠪᠠᠲᠤᠯᠠᠨ᠎ᠠ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠠᠨ᠎ᠠ᠃ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠴᠢᠯᠡᠭᠦ᠂ ᠣᠶᠤᠨᠴᠢᠯᠠᠬᠤ᠂ ᠨᠤᠭᠤᠭᠠᠨᠵᠢᠭᠤᠯᠬᠤ ᠭᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠤᠳᠤ ᠦᠶ᠎ᠡ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ ᠨᠠᠷᠢᠯᠢᠭ ᠥᠪᠡᠷᠮᠢᠴᠡ ᠰᠢᠨ᠎ᠡ ᠬᠥᠭᠵᠢᠯᠲᠡ ᠶᠢ ᠠᠬᠢᠭᠤᠯᠤᠨ᠎ᠠ᠃ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠶᠠᠰᠤ ᠴᠢᠨᠠᠷ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ ︽ᠳᠤᠮᠳᠠᠳᠤ ᠤᠯᠤᠰ ᠤᠨ ᠦᠢᠯᠡᠳᠬᠦ ᠦᠢᠯᠡᠰ︾ ᠤᠨ ᠨᠠᠷᠠᠲᠤ ᠲᠡᠮᠳᠡᠭ ᠢ ᠨᠠᠩ ᠣᠯᠠᠨ ᠪᠤᠶ ᠪᠣᠯᠭᠠᠨ᠎ᠠ᠃       ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠤᠨ᠎ᠠ᠃ ᠠᠵᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠦᠨ᠂ ᠬᠡᠷᠡᠭᠯᠡᠯᠲᠡ ᠶᠢᠨ ᠠᠬᠤᠢ ᠪᠠᠶᠢᠳᠠᠯ ᠢ ᠥᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ ᠠᠬᠢᠭᠤᠯᠤᠨ᠎ᠠ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ ᠠᠵᠤ ᠦᠢᠯᠡᠰ ᠤᠨ ᠲᠡᠷᠢᠭᠦᠯᠡᠬᠦ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠶᠢ ᠡᠭᠦᠳᠦᠭᠰᠡᠨ ᠡᠮ ᠵᠡᠷᠭᠡ ᠰᠢᠨ᠎ᠡ ᠪᠠᠷ ᠬᠥᠭᠵᠢᠭᠰᠡᠨ ᠬᠤᠰᠢᠭᠤᠷᠠᠯ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠮᠢᠳᠤ ᠪᠣᠳᠠᠰ ᠤᠨ ᠦᠢᠯᠡᠳᠬᠦ ᠦᠢᠯᠡᠰ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠺᠸᠠᠨ᠋ᠲ ᠮᠡᠷᠭᠡᠵᠢᠯ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠨᠢᠭᠡ ᠪᠦᠯᠦᠭ ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠳᠠᠮᠵᠢ ᠶᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠨ᠎ᠡ᠃       ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠳ᠋ᠢᠵᠢᠲ᠋ᠠᠯ ᠤᠨ ᠠᠵᠤ ᠦᠢᠯᠡᠰᠵᠢᠯᠲᠡ ᠪᠠ ᠠᠵᠤ ᠦᠢᠯᠡᠰ ᠤᠨ ᠳ᠋ᠢᠵᠢᠲ᠋ᠠᠯᠴᠢᠯᠠᠯᠲᠠ ᠶᠢ ᠢᠳᠡᠪᠬᠢᠲᠡᠢ ᠠᠬᠢᠭᠤᠯᠵᠤ᠂ ᠳ᠋ᠢᠵᠢᠲ᠋ᠠᠯ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ᠂ ᠵᠣᠬᠢᠶᠠᠮᠠᠯ ᠣᠶᠤᠯᠢᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ᠂︽ᠵᠣᠬᠢᠶᠠᠮᠠᠯ ᠤᠶᠤᠯᠢᠭ +︾ ᠠᠵᠢᠯᠯᠠᠭ᠎ᠠ ᠶᠢ ᠥᠷᠨᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠦᠢᠯᠡᠳᠬᠦ ᠦᠢᠯᠡᠰ ᠤᠨ ᠭᠡᠯᠪᠡᠷᠢ ᠶᠢ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠳ᠋ᠢᠵᠢᠲ᠋ᠠᠯᠴᠢᠯᠠᠯᠲᠠ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠳᠤ ᠳ᠋ᠢᠵᠢᠲ᠋ᠠᠯᠵᠢᠭᠤᠯᠤᠨ ᠡᠨᠧᠷᠭᠢ ᠣᠯᠭᠤᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠤᠯᠠᠨ ᠤᠯᠤᠰ ᠤᠨ ᠥᠷᠢᠰᠦᠯᠳᠦᠭᠡᠨ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ ᠳᠡᠮᠵᠢᠨ᠎ᠡ᠃ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ᠂ ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠ ᠭᠦᠢᠯᠭᠡᠭᠡ ᠳᠤ ᠣᠷᠣᠭᠤᠯᠵᠤ ᠬᠡᠷᠡᠭᠯᠡᠬᠦ ᠶᠢ ᠶᠡᠭᠡ ᠪᠠᠷ ᠠᠬᠢᠭᠤᠯᠤᠨ᠎ᠠ᠃ ᠳ᠋ᠢᠵᠢᠲ᠋ᠠᠯ ᠰᠠᠭᠤᠷᠢ ᠲᠥᠬᠦᠭᠡᠷᠦᠮᠵᠢ ᠶᠢ ᠵᠣᠬᠢᠰᠲᠠᠢ ᠤᠷᠢᠳᠴᠢᠯᠠᠨ ᠪᠦᠲᠦᠭᠡᠨ ᠪᠠᠶᠢᠭᠤᠯᠵᠤ᠂ ᠪᠦᠭᠦ ᠤᠯᠤᠰ ᠲᠤ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠢᠰᠲ᠋ᠧᠮ ᠢ ᠲᠦᠷᠭᠡᠯᠡᠨ ᠪᠤᠢ ᠪᠤᠯᠭᠠᠵᠦ᠂ ᠪᠤᠳᠤᠬᠤ ᠬᠦᠴᠦᠨ ᠤ ᠠᠵᠤ ᠦᠢᠯᠡᠰ ᠤᠨ ᠠᠮᠢ ᠠᠬᠤᠢ ᠶᠢ ᠪᠣᠶᠢᠵᠢᠭᠤᠯᠤᠨ᠎ᠠ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ ᠭᠦᠨᠵᠡᠭᠡᠢ ᠳ᠋ᠢᠵᠢᠲ᠋ᠠᠯ ᠬᠤᠪᠢᠰᠤᠯᠲᠠ ᠪᠠᠷ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠵᠤ᠂ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃       ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠨ᠎ᠠ᠃       ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠲᠣᠪᠴᠢ ᠶᠢ ᠲᠣᠭᠲᠠᠭᠠᠨ ᠬᠡᠷᠡᠭᠵᠢᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠲᠦᠷᠭᠡᠳᠬᠡᠵᠦ᠂ ᠬᠥᠳᠡᠭᠡ ᠲᠤᠰᠬᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠤᠨ᠂ ︽ᠬᠤᠶᠠᠷ ᠢ ᠬᠥᠩᠭᠡᠷᠡᠭᠦᠯᠬᠦ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ᠂ ᠰᠢᠶᠠᠨ ᠤ ᠪᠦᠰᠡ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ ᠬᠥᠩᠭᠡᠷᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠯᠡᠨ ᠪᠠᠶᠢᠭᠤᠯᠵᠤ᠂ ᠬᠡᠷᠡᠭᠯᠡᠭᠡᠨ ᠤ ᠭᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠪᠣᠳᠠᠲᠤ ᠬᠦᠴᠦᠨ ᠢ ᠴᠢᠩᠭᠠᠷᠠᠭᠤᠯᠤᠨ᠎ᠠ᠃ ᠰᠤᠷᠤᠬᠴᠢ ᠶᠢᠨ ᠰᠡᠳᠬᠢᠴᠡ ᠶᠢᠨ ᠡᠷᠡᠭᠦᠯ ᠮᠡᠨᠲᠦ  ᠶᠢᠨ ᠬᠥᠮᠦᠵᠢᠯ ᠢ ᠴᠢᠩᠭᠠᠳᠬᠠᠨ᠎ᠠ᠃ ᠳ᠋ᠢᠵᠢᠲ᠋ᠠᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ᠎ᠡ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠨ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ