2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 6
ᠨᠡᠶᠢᠲᠡᠯᠡᠭᠰᠡᠨ ᠴᠠᠭ᠄
2024/3/15
       ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠲᠦᠷᠭᠡᠯᠡᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠤ ᠰᠢᠰᠲ᠋ᠧᠮᠲᠦ ᠪᠠᠶᠢᠷᠢᠯᠠᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ ᠭᠠᠵᠠᠷ᠂ ᠳᠠᠪᠠᠭᠤᠯᠢᠭ ᠪᠦᠯᠭᠦᠮ ᠨᠡᠶᠢᠲᠡ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠳᠠᠮᠵᠢᠵᠤ᠂ ᠤᠤᠭᠠᠯ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠷᠠᠭᠠᠯᠠᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ᠂ ᠨᠡᠶᠢᠭᠡᠮ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠬᠠᠮᠵᠢᠯᠴᠠᠭᠤᠯᠤᠨ ᠰᠢᠢᠳᠪᠦᠷᠢᠯᠡᠬᠦ ᠶᠢ ᠠᠬᠢᠭᠤᠯᠵᠤ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠠ ᠬᠤᠰᠢᠭᠤᠷᠠᠯ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ᠃ ᠤᠯᠤᠰ ᠤᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮᠴᠢᠯᠡᠭᠰᠡᠨ ᠪᠠᠶᠢᠷᠢᠯᠠᠭᠤᠯᠤᠯᠲᠠ ᠶᠢ ᠲᠦᠷᠭᠡᠳᠬᠡᠵᠦ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠲᠦᠷᠦᠭᠦᠯᠡᠨ ᠬᠡᠷᠡᠭᠵᠢᠭᠦᠯᠬᠦ ᠶᠢ ᠳᠡᠮᠵᠢᠨ᠎ᠡ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠵᠦ ᠠᠰᠢᠭᠯᠠᠬᠤ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠯᠡᠨ ᠪᠤᠢ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠲᠣᠭᠲᠠᠴᠠ ᠶᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠦᠨ᠎ᠡ᠃ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ ᠢ ᠬᠠᠳᠠᠭᠠᠯᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠨᠡᠭᠡᠭᠡᠯᠲᠡᠲᠤ ᠠᠮᠢ ᠠᠬᠤᠢ ᠶᠢ ᠪᠤᠢ ᠪᠣᠯᠭᠠᠨ᠎ᠠ᠃       ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ᠃ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠴᠤᠭᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠦᠲᠦᠭᠡᠨ ᠪᠠᠶᠢᠭᠤᠯᠵᠤ᠂ ᠨᠡᠩ ᠣᠯᠠᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠭᠦᠮ ᠢ ᠴᠢᠷᠮᠠᠶᠢᠨ ᠬᠥᠮᠥᠵᠢᠭᠦᠯᠦᠨ ᠪᠤᠢ ᠪᠤᠯᠭᠠᠵᠤ᠂ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠵᠤ᠂ ᠰᠢᠯᠭᠠᠷᠠᠭᠰᠠᠨ ᠢᠨᠵᠧᠨᠧᠷ ᠪᠠ ᠤᠷ᠎ᠠ ᠴᠢᠳᠠᠪᠤᠷᠢ ᠰᠠᠶᠢᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠯᠠᠨ ᠤᠯᠤᠰ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠵᠢᠯ ᠠᠮᠢᠳᠤᠷᠠᠯ ᠤᠨ ᠪᠠᠲᠤᠯᠠᠭ᠎ᠠ ᠪᠠ ᠬᠥᠬᠢᠭᠦᠯᠦᠨ ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ᠃ ᠪᠢᠳᠡ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠬᠥᠮᠥᠨ ᠪᠣᠯᠭᠠᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ ᠪᠠᠨ ᠭᠦᠢᠴᠡᠳ ᠢᠯᠡᠷᠡᠭᠦᠯᠵᠦ ᠴᠢᠳᠠᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ᠃       ︵ᠭᠤᠷᠪᠠ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ᠃ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠤᠨ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃       ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ᠂ ᠬᠠᠩᠭᠠᠯᠭ᠎ᠠ ᠶᠢ ᠰᠢᠯᠢᠳᠡᠭᠵᠢᠭᠦᠯᠬᠦ᠂ ᠬᠢᠵᠠᠭᠠᠷᠯᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠡᠷᠡᠭᠴᠡᠭᠡ ᠶᠢᠨ ᠳᠠᠯᠳᠠ ᠴᠢᠳᠠᠪᠤᠷᠢ ᠶᠢ ᠬᠥᠭᠵᠢᠭᠡᠨ᠎ᠡ᠃ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠳ᠋ᠢᠵᠢᠲ᠋ᠠᠯ ᠬᠡᠷᠡᠭᠯᠡᠭᠡ᠂ ᠨᠣᠭᠤᠭᠠᠨ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠶᠤᠯᠢᠭ ᠭᠡᠷ ᠦᠷᠦᠭᠡ᠂ ᠰᠣᠶᠣᠯ ᠴᠡᠩᠭᠡᠯ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭ᠎ᠠ︽ᠭᠠᠩᠭᠠᠩ ᠲᠠᠸᠠᠷ︾ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠪᠠ ᠠᠬᠢᠭᠤᠯᠵᠤ᠂ ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠪᠥᠭᠡᠮ ᠬᠡᠷᠡᠭᠯᠡᠭᠡ ᠶᠢ ᠬᠥᠭᠵᠢᠭᠡᠨ᠎ᠡ᠃ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠪᠣᠶᠢᠵᠢᠭᠤᠯᠬᠤ᠂ ᠭᠡᠷ ᠠᠬᠤᠢ ᠵᠡᠷᠭᠡ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ ᠥᠷᠨᠢᠭᠦᠯᠵᠦ᠂︽ᠰᠠᠨᠠᠭ᠎ᠠ ᠠᠮᠤᠷ ᠬᠡᠷᠡᠭᠯᠡᠭᠡᠨ ᠤ ᠠᠵᠢᠯᠯᠠᠭ᠎ᠠ︾ ᠶᠢ ᠬᠡᠷᠡᠭᠵᠢᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠵᠤ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠲᠠᠸᠠᠷ ᠪᠠ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠠᠬᠢᠭᠤᠯᠵᠤ᠂ ᠠᠷᠠᠳ ᠣᠯᠠᠨ ᠤ ᠠᠮᠢᠳᠤᠷᠠᠯ ᠢᠶᠠᠨ ᠰᠠᠶᠢᠵᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠬᠤ ᠬᠡᠷᠡᠭᠲᠡᠢ᠃       ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠨ ᠲᠣᠮᠣᠷᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠠᠷᠠᠳ ᠤᠨ ᠠᠮᠢᠳᠤᠷᠠᠯ ᠵᠡᠷᠭᠡ ᠠᠵᠤ ᠠᠬᠤᠢ ᠨᠡᠶᠢᠭᠡᠮ ᠤᠨ ᠪᠠᠭᠤᠷᠠᠢ ᠬᠦᠷᠢᠶᠡᠨ ᠤ ᠳᠤᠲᠠᠭᠤᠳᠠᠯ ᠢ ᠨᠥᠬᠦᠪᠦᠷᠢᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠤᠰᠤᠳᠤᠯ ᠢ ᠠᠷᠢᠯᠭᠠᠬᠤ ᠭᠠᠮᠰᠢᠭ ᠢ ᠡᠰᠡᠷᠭᠦᠴᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠲᠦᠷᠭᠡᠯᠡᠨ ᠬᠡᠷᠡᠭᠵᠢᠭᠦᠯᠦᠨ᠎ᠡ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠤᠷᠤᠭᠤᠯᠤᠯᠳᠡ ᠶᠢ 7000 ᠳ᠋ᠦᠡᠭᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠬᠢᠬᠦ ᠬᠦᠷᠢᠶ᠎ᠡ ᠪᠣᠯᠣᠨ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ᠂ ᠲᠤᠭ᠎ᠠ ᠬᠡᠮᠵᠢᠶᠡᠨ ᠤ ᠬᠤᠪᠢᠶᠠᠷᠢᠯᠠᠯᠲᠠ ᠶᠢ ᠲᠥᠰᠥᠯ ᠤᠨ ᠪᠡᠯᠡᠳᠬᠡᠯ ᠢᠶᠠᠷ ᠭᠦᠢᠴᠡᠳ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠠᠷ ᠨᠡᠯᠢᠶᠡᠳ ᠥᠨᠳᠥᠷ ᠭᠠᠵᠠᠷ ᠣᠷᠣᠨ ᠲᠡᠶᠢᠰᠢ ᠬᠡᠯᠪᠡᠶᠢᠯᠭᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠦᠷ᠎ᠡ ᠠᠰᠢᠭ ᠳᠣᠣᠷ᠎ᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠰᠡᠷᠭᠡᠶᠢᠯᠡᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠵᠦ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠠᠷᠠᠳ ᠤᠨ ᠬᠥᠷᠥᠩᠭᠡ ᠶᠢᠨ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠡᠯ᠎ᠡ ᠵᠦᠢᠯ ᠤᠨ ᠬᠠᠯᠬᠠᠪᠴᠢ ᠶᠢ ᠤᠯᠠᠮ ᠨᠢᠭᠡ ᠠᠯᠬᠤᠮ ᠡᠪᠳᠡᠵᠦ᠂ ᠠᠷᠠᠳ ᠤᠨ ᠪᠡᠯᠡ ᠣᠷᠣᠭᠤᠯᠤᠯᠲᠠ ᠶᠢ ᠨᠡᠩ ᠣᠯᠠᠨ ᠬᠦᠷᠢᠶᠡᠨ ᠳᠤ ᠣᠷᠣᠵᠤ ᠢᠷᠡᠵᠦ ᠳᠡᠶᠢᠯᠭᠦ᠂ ᠬᠥᠭᠵᠢᠵᠦ ᠳᠡᠶᠢᠯᠭᠦ᠂ ᠦᠢᠯᠡᠰ ᠪᠦᠲᠦᠭᠡᠵᠦ ᠳᠡᠶᠢᠯᠭᠦ ᠪᠣᠯᠭᠠᠨ᠎ᠠ᠃       ︵ᠳᠥᠷᠪᠡ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠭᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠵᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠠᠬᠢᠭᠤᠯᠤᠨ᠎ᠠ᠃       ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠤᠯᠴᠢ ᠪᠠᠷ ᠥᠷᠢᠰᠦᠯᠳᠦᠨ᠂ ᠮᠥᠴᠡᠭᠡᠷᠬᠡᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠵᠦ ᠥᠭᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠨᠡᠩ ᠤᠯᠠᠨ ᠪᠠᠶᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠠᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠭᠤᠣᠯᠯᠠᠬᠤ ᠴᠢᠳᠠᠮᠵᠢ ᠶᠢ ᠴᠢᠩᠭᠠᠷᠠᠭᠤᠯᠤᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠯᠧᠮᠧᠨ᠋ᠲ ᠢ ᠣᠯᠬᠤ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠲᠥᠷᠥᠯ ᠬᠤᠪᠢᠶᠠᠨ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠰᠡᠷᠭᠡᠶᠢᠯᠡᠨ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠭᠠᠪᠰᠢᠭᠠᠶᠢᠯᠠᠵᠤ ᠵᠣᠷᠢᠭᠲᠠᠢ ᠪᠠᠷ ᠪᠡᠯᠡ ᠤᠷᠤᠭᠤᠯᠬᠤ᠂ ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠭᠦ ᠶᠢ ᠲᠡᠮᠵᠢᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ