ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠯᠣᠭᠤᠳᠤᠮᠵᠢ ᠶᠢ ᠲᠣᠭᠲᠠᠭᠠᠨ᠎ᠠ᠃ ᠥᠮᠴᠢᠯᠡᠬᠦ ᠡᠷᠬᠡ ᠶᠢᠨ ᠬᠠᠮᠠᠭᠠᠯᠠᠯᠲᠠ᠂ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ᠂ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠪᠠᠷ ᠬᠢ ᠳᠦᠷᠢᠮ ᠳᠦᠷᠢᠮᠯᠡᠯ ᠤᠨ ᠨᠢᠭᠡᠳᠦᠯᠲᠡᠢ | ᠪᠠᠶᠢᠬᠤ ᠶᠢ ᠬᠦᠴᠦᠯᠡᠨ ᠠᠬᠢᠭᠤᠯᠤᠨ᠎ᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ | ᠭᠦᠨᠵᠡᠭᠡᠶᠢᠷᠡᠭᠦᠯᠦᠨ᠎ᠡ᠃ ᠭᠤᠤᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠨᠡᠶᠢᠲᠡᠯᠡᠵᠦ᠂ ᠭᠤᠣᠯᠳᠠᠯᠭ᠎ᠠ ᠲᠠᠢ ᠬᠦᠷᠢᠶ᠎ᠡ᠂ | ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠨ ᠬᠠᠮᠢᠶᠠᠷᠬᠤ ᠳᠦᠷᠢᠮᠯᠡᠯ ᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ | ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ ᠥᠷᠢᠰᠦᠯᠳᠦᠭᠡᠨ ᠵᠡᠷᠭᠡ ᠲᠣᠪᠣᠶᠢᠮ᠎ᠠ | ᠠᠰᠠᠭᠤᠳᠠᠯ ᠢ ᠲᠤᠰᠬᠠᠢ ᠵᠦᠢᠯ ᠢᠶᠠᠷ ᠵᠠᠰᠠᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠵᠠᠬ᠎ᠠ ᠳᠡᠯᠭᠡᠭᠦᠷ ᠤᠨ ᠵᠢᠷᠤᠮᠵᠢᠯ ᠪᠠ | ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠳᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠭᠤᠤᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠷᠡᠰ ᠬᠠᠮᠠᠭᠠᠯᠠᠨ᠎ᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ᠃ ᠰᠢᠨ᠎ᠡ ᠨᠢᠭᠡᠨ | ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ | ᠳᠡᠮᠵᠢᠯᠭᠡ ᠶᠢ ᠴᠢᠩᠭᠠᠳᠬᠠᠨ᠎ᠠ᠃ ᠴᠠᠭᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠵᠡᠷᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠶᠠᠨᠳᠠᠭᠠᠨ ᠤ ᠮᠤᠨᠤᠫᠤᠯᠢᠴᠢᠯᠠᠯ ᠤᠨ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ᠎ᠡ᠃ ᠤᠷᠤᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠠᠬᠢᠭᠤᠯᠤᠨ᠎ᠠ᠃ | ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮᠯᠡᠯ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ᠂ | ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠣᠶᠢᠵᠢᠭᠤᠯᠤᠨ᠎ᠠ᠃ | ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠣᠷᠤᠭᠤᠯᠤᠯᠲᠠ ᠭᠠᠳᠠᠭᠠᠳᠤ | ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠵᠤ᠂ ᠬᠢᠯᠢ ᠠᠯᠤᠰᠯᠠᠨ | ᠲᠠᠰᠤᠯᠦᠨ ᠪᠤᠳᠤᠬᠤ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ | ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠳᠠᠭᠠᠳᠤ ᠳᠠᠬᠢ ᠬᠥᠮᠥᠷᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠤᠯᠪᠠᠰᠤᠷᠠᠭᠤᠯᠬᠤ | ᠠᠷᠠᠯᠵᠢᠶ᠎ᠠ ᠶᠢᠨ ᠵᠡᠷᠭᠡ ᠲᠡᠰ ᠢ ᠳᠡᠪᠰᠢᠭᠦᠯᠬᠦ ᠶᠢ ᠳᠡᠮᠵᠢᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠨᠣᠭᠤᠭᠠᠨ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ ᠴᠡᠭ ᠢ | ᠥᠷᠭᠡᠳᠬᠡᠨ᠎ᠡ᠃ ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ᠃ ᠬᠢᠯᠢ ᠠᠯᠤᠰᠯᠠᠭᠰᠠᠨ ᠦᠢᠯᠡᠴᠢᠯᠡᠭᠡᠨ ᠤ | ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠶᠢᠨ | ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ | ᠬᠥᠭᠵᠢᠯᠲᠡ ᠶᠢ ᠲᠦᠷᠭᠡᠳᠬᠡᠨ᠎ᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ | ᠠᠷᠠᠯᠵᠢᠶᠠᠨ ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠰᠠᠶᠢᠲᠤᠷ ᠡᠷᠭᠢᠯᠡᠨ᠎ᠡ᠃ ᠤᠯᠠᠨ | ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠴᠢ ᠪᠣᠭᠤᠮᠲᠠ ᠶᠢ ᠪᠤᠢ ᠪᠤᠯᠭᠠᠵᠤ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ | ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ | ᠲᠠᠯ᠎ᠠ ᠶᠢᠨ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠴᠥᠭᠡᠳᠬᠡᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠴᠠᠭᠢᠯᠭᠠᠨ ᠬᠤᠯᠪᠤᠭ᠎ᠠ᠂ ᠡᠮᠨᠡᠯᠭᠡ ᠵᠡᠷᠭᠡ | ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠢ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠳᠣᠲᠣᠷ᠎ᠠ ᠲᠠᠭᠢᠨ ᠪᠡᠯᠡ | ᠣᠷᠣᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠳᠤ ᠣᠷᠤᠯᠴᠠᠬᠤ᠂ ᠪᠠᠷᠢᠮᠵᠢᠶ᠎ᠠ ᠲᠣᠭᠲᠠᠭᠠᠬᠤ ᠳᠤ ᠬᠠᠤᠯᠢ ᠶᠣᠰᠣᠭᠠᠷ | ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠵᠤ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂︽ᠳᠤᠮᠳᠠᠳᠤ ᠤᠯᠤᠰ ᠲᠤ ᠪᠡᠯᠡ ᠤᠷᠤᠭᠤᠯᠬᠤ︾ᠨᠠᠷᠠᠲᠤ | ᠲᠡᠮᠳᠡᠭ ᠢ ᠪᠤᠶ ᠪᠣᠯᠭᠠᠨ᠎ᠠ᠃ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠰᠤᠷᠤᠯᠴᠠᠬᠤ᠂ ᠵᠢᠭᠤᠯᠴᠢᠯᠠᠬᠤ ᠳᠤ ᠲᠦᠭᠦᠮ | ᠦᠵᠡᠭᠦᠯᠭᠦ ᠬᠡᠮᠵᠢᠶ᠎ᠡ ᠶᠢ ᠲᠠᠭᠡᠭᠰᠢᠯᠡᠭᠦᠯᠵᠤ᠂ ᠲᠣᠭᠠᠴᠠᠭ᠎ᠠ ᠬᠢᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠵᠡᠷᠭᠡ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ᠂ ᠨᠡᠭᠡᠭᠡᠨ ᠬᠥᠭᠵᠢᠭᠦᠯᠬᠦ ᠣᠷᠣᠨ ᠤ ᠥᠭᠡᠷᠡᠴᠢᠯᠡᠯᠲᠡ ᠬᠢᠬᠦ ᠪᠠ ᠰᠢᠨ᠎ᠡ ᠶᠢ | ᠡᠭᠦᠳᠬᠦ ᠶᠢ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠪᠤᠢ ᠪᠣᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠨ᠎ᠠ᠃ ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠢᠭᠡ ᠪᠦᠯᠦᠭ ︽ᠵᠢᠵᠢᠭ ᠠᠲᠠᠯ᠎ᠠ ᠭᠤᠶᠤ︾ ᠠᠷᠠᠳ ᠤᠨ | ᠠᠮᠢᠳᠤᠷᠠᠯ ᠤᠨ ᠲᠥᠰᠥᠯ ᠢ ᠬᠡᠷᠡᠭᠵᠢᠭᠦᠯᠵᠦ᠂ ᠳ᠋ᠢᠵᠢᠲ᠋ᠠᠯ᠂ ᠨᠣᠭᠤᠭᠠᠨ᠂ ᠰᠢᠨ᠎ᠡ ᠶᠢ ᠡᠭᠦᠳᠬᠦ᠂ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠶᠠᠳᠠᠭᠤ ᠶᠢ ᠴᠥᠭᠡᠳᠬᠡᠬᠦ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠢ ᠲᠦᠷᠭᠡᠯᠡᠨ | ᠪᠦᠲᠦᠭᠡᠨ ᠪᠠᠶᠢᠭᠤᠯᠤᠨ᠎ᠠ᠃ | ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠢᠭᠡᠨᠲᠡ ᠬᠦᠴᠦᠨ ᠲᠠᠢ | ᠪᠣᠯᠤᠭᠰᠠᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ | ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ ᠳᠤᠮᠳᠠᠳᠤ ᠤᠯᠤᠰ - ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪ ᠤᠨ ᠬᠡᠯᠡᠯᠴᠡᠭᠡ ᠶᠢ ᠠᠬᠢᠭᠤᠯᠵᠤ᠂ ︽ᠳ᠋ᠢᠵᠢᠲ᠋ᠠᠯ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾᠂ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ︾ ᠲᠤ ᠣᠷᠣᠬᠤ ᠶᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ ᠲᠠᠯ᠎ᠠ ᠪᠠᠷ ᠭᠦᠨᠵᠡᠭᠡᠢ | ᠣᠷᠣᠯᠴᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠭᠰᠡᠨ | ᠨᠡᠩ ᠤᠯᠠᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠬᠦᠷᠲᠡᠭᠡᠨ᠎ᠡ᠃ | ︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠵᠤ᠂ | ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ | ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠥᠩᠭᠡᠨ ᠲᠠᠯ᠎ᠠ ᠪᠠ ᠦᠨᠳᠦᠰᠦ | ᠰᠤᠷᠪᠤᠯᠵᠢ ᠠᠴᠠ ᠨᠢ ᠵᠠᠰᠠᠵᠤ ᠪᠠᠶᠢᠭᠠᠳ ᠠᠷᠢᠯᠭᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ᠃ ᠬᠦᠨᠳᠦ ᠶᠡᠭᠡ ᠲᠦᠭᠰᠢᠭᠦᠷᠢ ᠶᠢ | ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ | ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠪᠠᠲᠤ ᠰᠠᠬᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠳᠠᠯᠢ ᠪᠤᠰᠤ ᠥᠮᠴᠢᠯᠡᠯ ᠤᠨ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠳᠡᠮᠵᠢᠯᠭᠡ | ᠦᠵᠡᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠣᠷᠣᠨ | ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠵᠦ᠂ ᠥᠷᠢ ᠥᠭᠴᠡᠭᠡ ᠶᠢ | ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠳᠠᠭᠠᠯᠠᠯᠲᠠ ᠥᠷᠢ ᠥᠭᠴᠡᠭᠡᠨ ᠤ ᠲᠦᠭᠰᠢᠭᠦᠷᠢ ᠶᠢ ᠲᠣᠬᠢᠲᠠᠢ | ᠠᠷᠢᠯᠭᠠᠵᠤ᠂ ᠰᠢᠨ᠎ᠡ ᠪᠠᠷ ᠨᠡᠮᠡᠭᠳᠡᠬᠦ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠷᠢᠮ ᠭᠠᠵᠠᠷ ᠣᠷᠣᠨ ᠤ ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠪᠣᠯᠣᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠬᠠᠷᠢᠴᠠᠭᠠᠨ ᠤ ᠬᠤᠪᠢᠷᠠᠯᠲᠠ ᠳᠤ ᠵᠣᠬᠢᠴᠠᠭᠤᠯᠤᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ | ᠪᠠᠶᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠲᠠᠸᠠᠷ ᠤᠨ ᠭᠡᠷ ᠪᠠᠶᠢᠰᠢᠩ ᠤᠨ | ᠬᠤᠯᠪᠣᠭᠳᠠᠯ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ | ᠪᠠ ᠤᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠴᠢᠨᠠᠷ ᠰᠠᠶᠢᠲᠠᠢ ᠬᠥᠭᠵᠢᠯᠲᠡ ᠯᠦᠭᠡ | ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠦᠭᠦ ᠰᠢᠰᠲ᠋ᠧᠮ ᠤᠨ ᠣᠷᠣᠨ ᠨᠤᠲᠤᠭ ᠤᠨ | ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ | ᠭᠡᠯᠪᠡᠷᠢ ᠪᠠᠨ ᠬᠤᠪᠢᠷᠠᠭᠤᠯᠬᠤ ᠶᠢ ᠲᠦᠷᠦᠯ ᠬᠤᠪᠢᠶᠠᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ |