2024 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 8
ᠨᠡᠶᠢᠲᠡᠯᠡᠭᠰᠡᠨ ᠴᠠᠭ᠄
2024/3/15
       ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠬᠦ ᠬᠤᠳᠠᠯᠳᠤᠨ ᠠᠪᠴᠤ ᠨᠥᠭᠡᠴᠡᠯᠡᠬᠦ ᠪᠤᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠎ᠡ᠃ ᠤᠯᠤᠰ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠰᠣ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠲᠣᠮᠣ ᠤᠯᠤᠰ ᠤᠨ ᠨᠥᠭᠡᠴᠡᠯᠡᠯᠳᠡ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠭᠤᠣᠯᠳᠠᠯᠭ᠎ᠠ ᠲᠠᠢ ᠨᠥᠭᠡᠴᠡᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠣᠷ ᠰᠦᠯᠵᠢᠶ᠎ᠡ᠂ ᠳ᠋ᠠᠶᠢᠲ᠋ᠠ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠤᠯᠤᠰ ᠠᠷᠠᠳ ᠤᠨ ᠠᠵᠤ ᠠᠬᠤᠢ ᠶᠢᠨ ᠰᠠᠭᠠᠳ ᠦᠭᠡᠢ ᠣᠷᠴᠢᠯ ᠢ ᠲᠤᠯᠭᠠᠭᠤᠷᠢᠯᠠᠨ᠎ᠠ᠃       ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠨ ᠪᠠᠲᠤᠵᠢᠭᠤᠯᠵᠤ᠂︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠶᠠᠪᠤᠭᠳᠠᠭᠤᠯᠵᠤ᠂ ᠤᠳᠠᠭᠠᠨ ᠳᠠᠭᠠᠭᠠᠮᠠᠭᠠᠢ ᠪᠠᠷ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠠᠪᠤᠳᠠᠯ ᠤᠨ ᠲᠠᠰᠤᠷᠠᠯᠲᠠ ᠦᠭᠡᠢ ᠮᠥᠨ ᠴᠢᠨᠠᠷ ᠤᠨ ᠠᠬᠢᠯᠲᠠ ᠲᠠᠢ ᠪᠤᠯᠬᠤ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃       ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ᠃ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ ᠳᠡᠭᠡᠭᠰᠢᠯᠡᠭᠦᠯᠵᠦ᠂ ᠪᠦᠭᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠪᠠ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠳᠠᠭ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠥᠷᠭᠡᠳᠬᠡᠵᠦ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠤᠰᠤ ᠠᠷᠪᠢᠯᠠᠬᠤ ᠲᠠᠷᠢᠶᠠᠯᠠᠩ᠂ ᠭᠠᠩ ᠬᠠᠭᠰᠠᠷᠠᠭᠠᠨ ᠳᠤ ᠵᠣᠬᠢᠴᠠᠬᠤ ᠲᠠᠷᠢᠶᠠᠯᠠᠩ ᠤᠨ ᠬᠥᠭᠵᠢᠯᠲᠡ ᠶᠢ ᠲᠠᠮᠵᠢᠨ᠎ᠠ᠃ ᠡᠪᠡᠳᠴᠢᠨ ᠬᠤᠷᠣᠬᠠᠢ ᠶᠢᠨ ᠬᠥᠨᠥᠭᠡᠯ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠨᠥᠬᠦᠪᠦᠷᠢ ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠠᠨ ᠤ ᠡᠶᠢᠮᠦ ᠨᠢᠭᠡᠨ ᠬᠥᠮᠥᠨ ᠠᠮᠠ ᠣᠯᠠᠨᠲᠠᠢ ᠲᠣᠮᠣ ᠤᠯᠤᠰ ᠡᠷᠬᠡᠪᠰᠢ ᠲᠣᠮᠣ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠰᠠᠶᠢᠲᠤᠷ ᠦᠢᠯᠡᠳᠦᠯᠭᠡᠵᠢᠭᠦᠯᠵᠦ᠂ ᠬᠤᠭᠤᠯᠠ ᠬᠦᠨᠡᠰᠦ ᠪᠠᠨ ᠢᠮᠠᠭᠲᠠ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠬᠡᠷᠡᠭᠲᠡᠢ᠃       ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠨ᠎ᠡ᠃ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠬᠥᠭᠵᠢᠭᠦᠯᠬᠦ ᠶᠢ ᠳᠡᠮᠵᠢᠵᠦ᠂ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠵᠤ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠯᠲᠡ ᠪᠠᠷᠤᠭᠲᠠᠢ ᠭᠠᠵᠠᠷ ᠣᠷᠣᠨ ᠢ ᠪᠠᠶᠢᠩᠭᠤ ᠶᠢᠨ ᠴᠢᠨᠠᠷᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠰᠠᠶᠢᠨ ᠪᠠᠬᠢᠵᠢᠭᠦᠯᠵᠦ᠂ ᠦᠷ᠎ᠡ ᠪᠦᠲᠦᠮᠵᠢ ᠶᠢ ᠨᠢ ᠨᠡᠩ ᠦᠷᠭᠦᠯᠵᠢᠯᠡᠬᠦᠶᠢᠴᠡ ᠪᠣᠯᠭᠠᠨ᠎ᠠ᠃ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠭᠢᠭᠠᠳ 30 ᠵᠢᠯ ᠤᠷᠲᠤᠳᠬᠠᠬᠤ ᠪᠦᠬᠦᠯᠢ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ᠃ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠣᠢ ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢ ᠪᠣᠳᠣᠯᠬᠢᠯᠠᠨ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠤᠰᠬᠤᠨ ᠤ ᠴᠢᠳᠠᠪᠤᠷᠢᠲᠠᠨ ᠢ ᠬᠥᠮᠥᠵᠢᠭᠦᠯᠵᠦ ᠰᠠᠶᠢᠲᠤᠷ ᠬᠡᠷᠡᠭᠯᠡᠨ᠎ᠡ᠃ ᠬᠥᠳᠡᠭᠡ ᠲᠤᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠲᠤᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠠᠨ ᠠᠬᠢᠭᠤᠯᠤᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠴᠠᠭᠢᠯᠭᠠᠨ ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ᠂ ᠴᠠᠭᠢᠯᠭᠠᠨ ᠴᠡᠨᠡᠭᠯᠡᠬᠦ ᠱᠣᠩ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ᠂ ᠢᠯᠡᠭᠡᠯᠲᠡ ᠬᠦᠷᠭᠡᠯᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃       ︵ᠨᠠᠢᠮᠠ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠴᠢᠨᠠᠷ ᠰᠠᠶᠢᠲᠠᠢ ᠬᠥᠭᠵᠢᠬᠦ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠤᠨ᠎ᠠ᠃       ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠮᠠᠨ ᠤ ᠤᠯᠤᠰ ᠤᠨ ᠬᠤᠲᠠ ᠪᠠᠯᠭᠠᠰᠤᠵᠢᠯᠲᠠ ᠳᠤ ᠪᠠᠰᠠ ᠮᠠᠰᠢ ᠶᠡᠭᠡ ᠬᠥᠭᠵᠢᠯᠲᠡ ᠳᠡᠭᠡᠭᠰᠢᠯᠡᠯᠲᠡ ᠶᠢᠨ ᠣᠷᠣᠨ ᠵᠠᠢ ᠪᠠᠶᠢᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠬᠦ ᠶᠠᠪᠤᠳᠠᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠥᠮᠥᠨ ᠭᠠᠵᠠᠷ ᠵᠣᠭᠤᠰ︾ ᠢ ᠬᠤᠯᠪᠣᠭᠳᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠦᠭᠡ ᠠᠮᠠ ᠪᠠᠨ ᠤᠷᠤᠭᠤᠯᠬᠤ ᠬᠦᠰᠡᠯ  ᠲᠠᠢ ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠵᠤ᠂ ᠡᠷᠦᠭᠡ ᠠᠮᠠ ᠣᠷᠣᠭᠠᠳᠤᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠭᠦᠷᠲᠡᠭᠦ ᠶᠢ ᠠᠬᠢᠭᠤᠯᠤᠨ᠎ᠠ᠃ ᠰᠢᠶᠠᠨ ᠤ ᠪᠦᠰᠡ ᠶᠢᠨ ᠠᠵᠤ ᠠᠬᠤᠢ ᠶᠢ ᠪᠣᠶᠢᠵᠢᠭᠤᠯᠤᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠰᠢᠶᠠᠨ ᠤ ᠬᠤᠲᠠ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠬᠤᠯᠠ ᠠᠴᠢᠶᠠᠯᠠᠪᠤᠷᠢ ᠪᠣᠯᠭᠠᠨ᠎ᠠ᠃ ᠬᠤᠳᠠ ᠶᠢᠨ ᠪᠥᠭᠡᠭᠡᠨᠡᠷᠡᠯ᠂ ᠶᠡᠭᠡ ᠬᠤᠳᠠ ᠶᠢᠨ ᠴᠠᠭᠠᠷᠢᠭ ᠢᠶᠠᠷ ᠲᠦᠰᠢᠭ ᠪᠤᠯᠭᠠᠬᠤ ᠶᠢ ᠴᠢᠬᠤᠯᠠᠴᠢᠯᠠᠵᠤ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂︽ᠡᠩ ᠤᠨ ᠦᠶ᠎ᠡ ᠪᠠ ᠪᠠᠴᠢᠮ ᠦᠶ᠎ᠡ ᠳᠤ ᠴᠥᠮ ᠬᠡᠷᠡᠭᠯᠡᠵᠦ ᠪᠤᠯᠬᠤ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ ᠠᠬᠢᠭᠤᠯᠤᠨ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠲᠦᠷᠭᠡᠯᠡᠨ ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ᠂ ᠨᠠᠰᠤᠵᠢᠯᠳᠡ ᠳᠤ ᠲᠣᠬᠢᠷᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠣᠶᠤᠨᠴᠢ᠂ ᠤᠶᠠᠨ ᠬᠠᠳᠠᠨ ᠴᠢᠨᠠᠷᠲᠠᠢ ᠬᠤᠲᠠ ᠶᠢ ᠴᠣᠭᠴᠠᠯᠠᠨ ᠪᠠᠶᠢᠭᠤᠯᠤᠨ᠎ᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠨᠢ ᠲᠠᠯ᠎ᠠ ᠪᠦᠭᠦᠨ ᠳᠤ ᠬᠥᠮᠥᠨ ᠢᠶᠠᠷ ᠦᠨᠳᠦᠰᠦ ᠪᠤᠯᠭᠠᠬᠤ ᠶᠢ ᠢᠯᠡᠷᠡᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ ᠢ ᠡᠳ᠋ᠯᠡᠭᠦᠯᠭᠦ ᠬᠡᠷᠡᠭᠲᠡᠢ᠃       ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠨ ᠣᠷᠣᠬᠤ ᠪᠠ ᠦᠢᠯᠡᠴᠢᠯᠡᠨ᠎ᠡ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠪᠣᠯᠣᠨ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠰᠢᠶᠦ᠋ᠩ ᠠᠨ ᠰᠢᠨ᠎ᠡ ᠲᠣᠭᠤᠷᠢᠭ ᠲᠤ ᠪᠣᠳᠠᠲᠠᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ