ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ᠃ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠲᠠᠩᠰᠠ ᠡᠪᠬᠡᠮᠡᠯ ᠵᠡᠷᠭᠡ | ᠦᠢᠯᠡᠰ ᠢ ᠬᠥᠭᠵᠢᠭᠦᠯᠦᠨ᠎ᠡ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠤᠯᠤᠰ ᠤᠨ | ᠰᠣᠶᠣᠯ ᠤᠨ ᠳ᠋ᠢᠵᠢᠲ᠋ᠠᠯᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ | ᠭᠦᠨᠵᠡᠭᠡᠶᠢᠷᠡᠭᠦᠯᠦᠨ᠎ᠡ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠲᠡᠭᠦᠯᠳᠡᠷᠵᠢᠭᠦᠯᠦᠨ᠂ ᠢᠳᠡᠪᠬᠢᠲᠡᠢ᠂ ᠡᠷᠡᠭᠦᠯ᠂ ᠥᠭᠡᠳᠡᠷᠬᠡᠭ ᠴᠠᠶᠢᠯᠭᠠᠨ ᠰᠦᠯᠵᠢᠶᠡᠨ ᠤ | ᠰᠣᠶᠣᠯ ᠢ ᠪᠣᠶᠢᠵᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠣᠯᠠᠨ ᠨᠡᠶᠢᠲᠡ ᠶᠢᠨ | ᠰᠣᠶᠣᠯ ᠤᠨ ᠲᠠᠯᠠᠪᠠᠢ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠠ᠃ ᠰᠣᠶᠣᠯ ᠤᠨ ᠠᠵᠤ | ᠦᠢᠯᠡᠰ ᠢ ᠶᠡᠭᠡ ᠪᠠᠷ ᠬᠥᠭᠵᠢᠭᠦᠯᠦᠨ᠎ᠡ᠃ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ | ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠴᠢᠩᠭᠠᠳᠬᠠᠨ᠎ᠠ᠃ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠤᠨ᠎ᠠ᠃ ᠳᠤᠮᠳᠠᠳᠤ ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭ᠎ᠠ ᠶᠢ | ᠭᠦᠨᠵᠡᠭᠡᠶᠢᠷᠡᠭᠦᠯᠵᠦ᠂ ᠳᠡᠯᠡᠬᠡᠢ ᠳᠤ ᠤᠯᠠᠮᠵᠢᠯᠠᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠎ᠠ᠃ 2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ | ᠪᠡᠯᠡᠳᠬᠡᠵᠦ ᠤᠷᠤᠯᠳᠤᠭᠠᠨ ᠳᠤ ᠣᠷᠤᠯᠴᠠᠬᠤ ᠠᠵᠢᠯ ᠢ ᠰᠠᠶᠢᠲᠤᠷ ᠬᠢᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠠᠶᠢᠲᠤᠷ | ᠪᠦᠲᠦᠭᠡᠨ ᠪᠠᠶᠢᠭᠤᠯᠵᠤ ᠰᠠᠶᠢᠲᠤᠷ ᠬᠡᠷᠡᠭᠯᠡᠨ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ | ᠠᠬᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ | ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ | ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠪᠠᠲᠤᠳᠬᠠᠵᠤ᠂ ᠪᠠᠴᠢᠮ ᠪᠠᠶᠢᠳᠠᠯ ᠢ ᠰᠡᠷᠭᠡᠶᠢᠯᠡᠬᠦ᠂ ᠠᠷᠭᠠᠴᠠᠭᠠᠨ ᠰᠢᠢᠳᠪᠦᠷᠢᠯᠡᠬᠦ ᠪᠠ ᠲᠤᠯᠭᠠᠭᠤᠷᠢᠯᠠᠨ | ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠮᠨᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠲᠤᠲᠠᠢ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ | ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ᠃ ᠦᠶᠡᠷ ᠤᠰᠤᠳᠤᠯ ᠭᠠᠩ ᠬᠠᠭᠰᠠᠷᠠᠭᠠᠨ᠂ ᠲᠠᠶᠢᠹᠧᠩ ᠰᠠᠯᠬᠢ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ | ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ | ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠶᠢᠭᠡᠮ ᠤᠨ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ | ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ | ᠠᠷᠢᠯᠭᠠᠬᠤ ᠠᠵᠢᠯ ᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠠ᠋︕ | ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ | ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠳ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ | ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ | ᠶᠣᠰᠣ ᠪᠤᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠲᠠ ᠪᠤᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ | ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ ᠪᠦᠭᠦ | ᠲᠠᠯ᠎ᠠ ᠪᠠᠷ ᠰᠠᠶᠢᠲᠤᠷ ᠭᠦᠢᠴᠡᠳᠬᠡᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠎ᠠ᠃ ᠠᠳᠠᠯᠢ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠲᠡ ᠶᠢᠨ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ | ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ | ᠳᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠ ᠢᠯᠵᠢᠷᠡᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠰᠠᠭ ᠤᠨ ᠣᠷᠳᠣᠨ ᠤ | ᠠᠵᠢᠯᠲᠠᠳ ᠬᠠᠤᠯᠢ ᠴᠠᠭᠠᠵᠠ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ᠂ ᠠᠵᠢᠯᠴᠢ ᠬᠢᠴᠢᠶᠡᠩᠭᠦᠢ ᠬᠠᠷᠢᠭᠤᠴᠠᠯᠭ᠎ᠠ ᠪᠠᠨ | ᠭᠦᠢᠴᠡᠳᠬᠡᠨ᠂ ᠴᠡᠪᠡᠷ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠬᠤ ᠬᠡᠷᠡᠭᠲᠡᠢ᠃ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ᠂ ᠰᠠᠶᠢᠲᠤᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ | ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ | ᠣᠷᠳᠣᠨ ᠤ ᠭᠦᠢᠴᠡᠳᠬᠡᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠵᠥᠪ ᠣᠨᠣᠪᠴᠢᠲᠠᠶ | ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠪᠠᠷᠢᠮᠲᠠᠯᠠᠵᠤ᠂ ᠰᠡᠳᠬᠢᠬᠦᠢ ᠶᠢᠨ ᠲᠣᠭᠲᠠᠮᠠᠯ ᠬᠡᠪᠰᠢᠯ ᠪᠠ ᠠᠷᠭ᠎ᠠ ᠵᠠᠮ ᠳᠤ ᠲᠦᠰᠢᠭᠯᠡᠬᠦ ᠶᠢ ᠵᠣᠷᠢᠭᠲᠠᠢ ᠡᠪᠳᠡᠵᠦ᠂ | ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠤᠬᠠᠭᠠᠯᠠᠨ ᠲᠥᠯᠥᠪᠯᠡᠵᠦ ᠰᠠᠶᠢᠲᠤᠷ ᠬᠡᠷᠡᠭᠯᠡᠨ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠡᠷᠡ ᠶᠣᠰᠣᠭᠠᠷ ᠨᠢ᠂ ᠱᠠᠯᠠᠮᠠᠭᠠᠢ ᠰᠢᠭᠤᠷᠬᠠᠢ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠭᠢᠮᠯᠡᠭᠦ᠂ ᠵᠣᠷᠢᠭᠲᠠᠢ | ᠬᠢᠵᠦ ᠴᠢᠳᠠᠮᠠᠭᠠᠢ ᠠᠵᠢᠯᠯᠠᠬᠤ ᠶᠢ ᠦᠨᠡᠨ ᠬᠦ ᠪᠡᠶᠡᠯᠡᠭᠦᠯᠵᠦ᠂ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠵᠣᠷᠢᠯᠲᠠ ᠳᠤ ᠨᠡᠶᠢᠴᠡᠭᠦᠯᠬᠦ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠦᠨ᠂︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠳᠦᠷᠢᠮ ᠢ ᠨᠠᠶᠢᠳᠠᠪᠤᠷᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ | ᠶᠠᠪᠤᠳᠠᠯ ᠢ ᠪᠦᠲᠦᠭᠡᠬᠦ︾ ᠶᠢ ᠠᠬᠢᠭᠤᠯᠬᠤ ᠪᠠᠷ ᠬᠥᠲᠥᠯᠥᠮᠵᠢ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠪᠢᠴᠢᠭ ᠮᠠᠲ᠋ᠧᠷᠢᠶᠠᠯ ᠪᠠ ᠬᠤᠷᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠰᠢᠪᠠᠳᠠᠨ | ᠪᠠᠶᠢᠴᠠᠭᠠᠯᠲᠠ ᠪᠠᠶᠢᠴᠠᠭᠠᠯᠲᠠ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠦᠨ᠎ᠡ᠃︽ᠭᠤᠷᠪᠠ ᠶᠢ ᠢᠯᠭᠠᠵᠤ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠬᠤ ᠶᠢ | ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠷᠭᠡᠨ ᠣᠯᠠᠨ ᠺᠠᠳ᠋ᠷᠴᠤᠳ︽ᠴᠠᠭ ᠢᠮᠠᠭᠲᠠ ᠰᠠᠨᠠᠭ᠎ᠠ ᠠᠮᠤᠷ ᠦᠭᠡᠢ | ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ᠡᠭᠦᠨ ᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ | ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠪᠠᠳᠠᠷᠠᠭᠤᠯᠵᠤ᠂ ᠦᠨᠡᠨ ᠬᠦ ᠠᠳᠬᠤᠨ | ᠪᠣᠳᠠᠲᠠᠢ ᠪᠠᠷ ᠬᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ ᠪᠠ ᠠᠷᠠᠳ ᠲᠦᠮᠡᠨ ᠳᠤ ᠦᠯᠦ ᠣᠰᠣᠯᠳᠠᠬᠤ | ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ | ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠯᠲᠠ ᠶᠢ ᠭᠦᠨᠵᠡᠭᠡᠢ ᠠᠬᠢᠭᠤᠯᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ | ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ | ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ | ᠵᠢᠳᠬᠦᠬᠦ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ | ᠲᠠᠪᠰᠢᠯᠳᠠ ᠲᠠᠢ ᠪᠣᠯᠵᠤ᠂ ᠠᠷᠠᠳ ᠤᠨ ᠴᠡᠷᠢᠭ ᠠᠩᠭᠢ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠢ᠃ ᠴᠡᠷᠢᠭ ᠪᠤᠯᠪᠠᠰᠤᠷᠠᠭᠤᠯᠵᠤ | ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠳᠠᠶᠢᠨ ᠤ ᠲᠡᠮᠡᠴᠡᠯ ᠤᠨ ᠪᠡᠯᠡᠳᠬᠡᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠳᠠᠲᠤ | ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠰᠠᠶᠢᠲᠤᠷ ᠠᠳᠬᠤᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ | ᠡᠷᠡᠰ ᠬᠠᠮᠠᠭᠠᠯᠠᠨ᠎ᠠ᠃ ᠣᠳᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ | ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ | ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ | ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ᠠᠵᠢᠯ ᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠶ᠂ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠡᠬᠡ ᠣᠷᠣᠨᠴᠢ ᠬᠥᠮᠥᠰ ᠢᠶᠠᠷ | ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ | ᠠᠵᠤ ᠠᠬᠤᠢ ᠪᠠᠨ ᠬᠥᠭᠵᠢᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠢᠶᠠᠨ ᠪᠠᠳᠠᠷᠠᠭᠤᠯᠬᠤ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ | ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠬᠠᠭᠠᠴᠠᠭᠤᠯᠤᠯ ᠪᠠ ᠭᠠᠳᠠᠨᠠᠬᠢ ᠶᠢᠨ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ | ᠬᠥᠭᠵᠢᠬᠦ ᠶᠢ ᠠᠬᠢᠭᠤᠯᠤᠨ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠂ | ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠬᠤ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠡᠷᠬᠡ ᠲᠡᠭᠰᠢ ᠪᠥᠭᠡᠳ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ ᠪᠠ ᠲᠦᠭᠡᠮᠡᠯ ᠬᠠᠷᠠᠭᠠᠯᠵᠠᠯ ᠲᠠᠢ ᠪᠥᠭᠡᠳ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠨ᠂ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠡᠵᠡᠷᠬᠡᠭᠯᠡᠬᠦ ᠡᠵᠡᠷᠬᠡᠭᠯᠡᠨ | ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ | ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ | ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠥᠯᠥᠭᠡᠯᠡᠭᠴᠢᠳ ᠠ᠋︕ | ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ ᠪᠦᠲᠦᠭᠡᠳᠡᠭ᠃ ᠪᠢᠳᠡ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦ ᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠵᠡᠭᠡᠶ᠎ᠡ︕ |