ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠡᠨ ᠪᠠᠲᠤ ᠴᠢᠨᠠᠷ ᠢ ᠴᠠᠭ ᠢᠮᠠᠭᠳᠠ ᠪᠠᠷᠢᠮᠳᠠᠯᠠᠵᠤ ᠨᠠᠮ ᠤᠨ ᠠᠭᠤᠤ ᠶᠡᠭᠡ ᠦᠪᠡᠷ ᠤᠨ ᠪᠡᠶ᠎ᠠ ᠶᠢᠨ ᠬᠤᠪᠢᠰᠬᠠᠯ ᠢ ᠡᠴᠦᠰ ᠲᠤᠨᠢ ᠲᠤᠯᠳᠠᠯ᠎ᠠ ᠬᠢᠬᠦ ᠬᠡᠷᠡᠭᠳᠠᠢ
ᠨᠡᠶᠢᠲᠡᠯᠡᠭᠰᠡᠨ ᠴᠠᠭ᠄
2024/3/19
       ᠰᠢᠠᠬᠤᠧᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 15 ᠤ ᠡᠳᠦᠷ ᠤᠨ ᠮᠡᠳᠡᠭᠡ 3 ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠠᠨ ᠪᠠᠲᠤ ᠴᠢᠨᠠᠷ ᠢ ᠴᠠᠭ ᠢᠮᠠᠭᠳᠠ ᠪᠠᠷᠢᠮᠳᠠᠯᠠᠵᠤ᠂ ᠨᠠᠮ ᠤᠨ ᠠᠭᠤᠤ ᠶᠡᠭᠡ ᠦᠪᠡᠷ ᠤᠨ ᠪᠡᠶ᠎ᠠ ᠶᠢᠨ ᠬᠤᠪᠢᠰᠬᠠᠯ ᠢ ᠡᠴᠦᠰ ᠲᠤᠨᠢ ᠲᠤᠯᠳᠠᠯ᠎ᠠ ᠬᠢᠬᠦ ᠬᠡᠷᠡᠭᠳᠠᠢ︾ ᠭᠡᠬᠦ ᠴᠢᠬᠤᠯᠠ ᠵᠤᠬᠢᠶᠠᠯ ᠢ ᠨᠡᠶᠢᠲᠡᠯᠡᠪᠡ᠃       ᠵᠣᠬᠢᠶᠠᠯ ᠳᠤ᠂ ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠠᠷᠪᠠᠨ ᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠭᠦᠨᠵᠡᠭᠡᠢ ᠳ᠋ᠦᠩᠨᠡᠵᠦ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠠᠨ ᠪᠠᠲᠤ ᠴᠢᠨᠠᠷ ᠢ ᠪᠦᠬᠦ ᠨᠠᠮ ᠢᠶᠠᠷ ᠢᠶᠠᠨ ᠴᠠᠭ ᠢᠮᠠᠭᠳᠠ ᠪᠠᠷᠢᠮᠳᠠᠯᠠᠬᠤ ᠶᠢ ᠴᠢᠨᠠᠭᠰᠢᠳᠠ ᠱᠠᠭᠠᠷᠳᠠᠪᠠ᠃ ᠡᠨᠡ ᠪᠣᠯ ᠮᠠᠨ ᠤ ᠨᠠᠮ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ᠂ ᠲᠤᠯᠭᠠᠷᠠᠵᠤ ᠪᠠᠶᠢᠭ᠎ᠠ ᠪᠤᠳᠤᠯᠢᠶᠠᠨᠲᠠᠢ ᠣᠷᠴᠢᠨ ᠠᠴᠠ ᠡᠭᠦᠰᠴᠦ᠂ ᠨᠠᠮ ᠤᠨ ᠦᠨᠳᠦᠰᠦᠨ ᠰᠢᠨᠵᠢ ᠴᠢᠨᠠᠷ ᠪᠣᠯᠤᠨ ᠨᠠᠮ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠭᠦᠨᠵᠡᠭᠡᠢ ᠡᠵᠡᠮᠳᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠳᠤᠷᠠᠳᠤᠭᠰᠠᠨ ᠰᠢᠨ᠎ᠡ ᠴᠢᠬᠤᠯᠠ ᠶᠡᠭᠡ ᠰᠡᠳᠦᠪ ᠪᠣᠯᠤᠨ᠎ᠠ ᠭᠡᠵᠤ ᠴᠢᠬᠤᠯᠠᠴᠢᠯᠠᠪᠠ᠃       ᠵᠣᠬᠢᠶᠠᠯ ᠳᠤ᠂ ᠮᠠᠨ ᠤ ᠨᠠᠮ ᠪᠣᠯ ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠤᠨ ᠵᠢᠯᠤᠭᠤᠳᠤᠯᠭ᠎ᠠ ᠳᠣᠣᠷ᠎ᠠ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢᠶᠠᠷ ᠪᠠᠶᠢᠭᠤᠯᠤᠭᠳᠠᠭᠰᠠᠨ ᠳᠡᠯᠡᠬᠡᠢ ᠶᠢᠨ ᠬᠠᠮᠤᠭ ᠤᠨ ᠶᠡᠭᠡ ᠲᠦᠷᠦ ᠶᠢᠨ ᠨᠠᠮ ᠪᠣᠯᠤᠨ᠎ᠠ᠂ ᠳᠡᠯᠡᠬᠡᠢ ᠳᠡᠭᠡᠷᠡᠬᠢ ᠬᠥᠮᠦᠨ ᠠᠮᠠ ᠪᠠᠷ ᠬᠠᠮᠤᠭ ᠤᠨ ᠤᠯᠠᠨ ᠤᠯᠤᠰ ᠲᠤ ᠤᠷᠳᠤ ᠬᠤᠭᠤᠴᠠᠭ᠎ᠠ ᠪᠠᠷ ᠲᠦᠷᠦ ᠪᠠᠷᠢᠵᠤ᠂ ᠲᠡᠦᠬᠡ ᠤᠷᠳᠤ᠂ ᠬᠥᠮᠦᠨ ᠤ ᠲᠤᠭ᠎ᠠ ᠤᠯᠠᠨ᠂ ᠬᠡᠪᠴᠢᠶ᠎ᠠ ᠶᠡᠭᠡ ᠪᠠᠶᠢᠵᠤ᠂ ᠶᠡᠭᠡ ᠶᠠᠪᠤᠳᠠᠯ ᠢ ᠬᠢᠵᠤ᠂ ᠠᠭᠤᠤ ᠦᠢᠯᠡᠰ ᠢ ᠪᠠᠶᠢᠭᠤᠯᠬᠤ ᠯᠤᠲᠤ ᠶᠡᠭᠡ ᠳᠠᠪᠠᠭᠤᠯᠢᠭ ᠲᠠᠢ ᠪᠥᠭᠡᠳ ᠨᠠᠮ ᠢ ᠵᠠᠰᠠᠵᠤ ᠤᠯᠤᠰ ᠢ ᠵᠠᠰᠠᠬᠤ ᠣᠨᠴᠠᠭᠠᠢ ᠬᠦᠴᠢᠷ ᠠᠰᠠᠭᠤᠳᠠᠯ ᠳᠤ ᠴᠤ ᠲᠤᠯᠭᠠᠷᠠᠵᠤ ᠪᠠᠶᠢᠨ᠎ᠠ᠃ ᠨᠠᠭᠠᠳᠤ ᠵᠠᠬ᠎ᠠ ᠳᠠᠭᠠᠨ ᠳᠣᠣᠷᠠᠬᠢ ᠬᠡᠳᠦᠨ ᠶᠡᠭᠡ ᠬᠦᠴᠢᠷ ᠠᠰᠠᠭᠤᠳᠠᠯ ᠢ ᠤᠯᠠᠮ ᠴᠢᠨᠠᠭᠰᠢᠳᠠ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠄ ᠬᠡᠷᠬᠢᠨ ᠢᠮᠠᠭᠲᠠ ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠬᠡᠷᠬᠢᠨ ᠢᠮᠠᠭᠲᠠ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠬᠦ᠂ ᠬᠡᠷᠬᠢᠨ ᠢᠮᠠᠭᠲᠠ ᠬᠦᠴᠦᠷᠬᠡᠭ ᠶᠡᠭᠡ ᠲᠦᠷᠦ ᠪᠠᠷᠢᠬᠤ ᠴᠢᠳᠠᠪᠤᠷᠢ ᠪᠠ ᠤᠳᠤᠷᠢᠳᠬᠤ ᠬᠢᠷᠢ ᠲᠦᠪᠰᠢᠨ ᠢ ᠪᠦᠷᠢᠯᠳᠦᠭᠦᠯᠬᠦ᠂ ᠬᠡᠷᠬᠢᠨ ᠢᠮᠠᠭᠲᠠ ᠠᠵᠢᠯ ᠬᠢᠵᠦ ᠦᠢᠯᠡᠰ ᠪᠤᠰᠬᠠᠬᠤ ᠵᠣᠷᠢᠭ ᠰᠠᠨᠠᠭᠠᠨ ᠤ ᠪᠠᠶᠢᠳᠠᠯ ᠢᠶᠠᠨ ᠪᠠᠲᠤᠯᠠᠬᠤ᠂ ᠬᠡᠷᠬᠢᠨ ᠢᠮᠠᠭᠲᠠ ᠲᠤᠰ ᠪᠡᠶ᠎ᠡ  ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠬᠦ᠂ ᠬᠡᠷᠬᠢᠨ ᠢᠮᠠᠭᠲᠠ ᠰᠤᠷᠲᠠᠯ ᠴᠢᠭᠡᠴᠢ ᠤᠪᠤᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠶᠠᠪᠤᠳᠠᠯ ᠪᠤᠯᠤᠨ᠎ᠠ᠃       ᠳᠡᠭᠡᠷ᠎ᠡ ᠳᠤᠷᠠᠳᠤᠭᠰᠠᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠡᠷᠬᠡᠪᠰᠢ ᠳᠠᠪᠠᠭ᠋ᠤ ᠴᠢᠬᠤᠯᠠᠳᠠᠢ ᠳᠠᠪᠠᠭ᠎ᠠ ᠪᠣᠯᠤᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠳᠤ ᠡᠷᠬᠡᠪᠰᠢ ᠰᠢᠢᠳᠪᠦᠷᠢᠯᠡᠬᠦ ᠴᠢᠬᠤᠯᠠᠳᠠᠢ ᠬᠦᠴᠢᠷ ᠠᠰᠠᠭᠤᠳᠠᠯ ᠪᠣᠯᠤᠨ᠎ᠠ᠃ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠨᠢ ᠵᠠᠶᠢᠯᠠᠰᠢ ᠦᠭᠡᠢ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠶᠠᠪᠤᠴᠠ ᠪᠣᠯᠤᠨ᠎ᠠ᠂ ᠡᠨᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ ᠦᠭᠡᠢ ᠪᠠᠶᠢᠬᠤ ᠶᠢ ᠲᠣᠭᠲᠠᠭᠠᠵᠠᠢ᠃ ᠪᠢᠳᠡ ᠡᠷᠬᠡᠪᠰᠢ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠣᠷᠣᠨ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠳᠤ ᠬᠤᠯᠪᠣᠭᠳᠠᠬᠤ ᠦᠨᠳᠤᠷᠴᠡ ᠳᠤ ᠵᠣᠭᠰᠣᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ᠂ ᠥᠨᠢᠳᠡ ᠶᠢᠨ ᠰᠡᠳᠦᠪ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠦᠢᠯᠪᠤᠷᠢᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠢᠳᠡ ᠲᠠᠭᠠᠷᠢᠯᠳᠠ ᠶᠢᠨ ᠪᠦᠷᠢᠶ᠎ᠡ ᠶᠢ ᠬᠠᠨᠭ᠍ᠬᠢᠨᠠᠭᠤᠯᠵᠤ᠂ ᠴᠢᠩᠭ᠎ᠠ ᠪᠠᠶᠢᠯᠭᠠᠬᠤ ᠦᠨᠳᠦᠰᠦᠨ ᠬᠦᠭ ᠠᠶᠠᠰ᠂ ᠴᠢᠩᠭ᠎ᠠ ᠪᠠᠶᠢᠯᠭᠠᠬᠤ ᠠᠷᠭ᠎ᠠ ᠬᠡᠮᠵᠢᠶ᠎ᠡ᠂ ᠴᠢᠩᠭ᠎ᠠ ᠪᠠᠶᠢᠯᠭᠠᠬᠤ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠵᠣᠬᠢᠶᠠᠯ ᠳᠤ᠂ ᠡᠷᠬᠡᠪᠰᠢ ᠪᠦᠬᠦ ᠨᠠᠮ ᠢᠶᠠᠷ ᠢᠶᠠᠨ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠬᠦ ᠶᠢ ᠠᠬᠢᠭᠤᠯᠬᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠬᠦ ᠪᠠᠷ ᠦᠨᠳᠦᠰᠦᠨ ᠴᠢᠭᠯᠡᠯ ᠢᠶᠠᠨ ᠪᠤᠯᠭᠠᠵᠤ᠂ ᠴᠢᠩᠭ᠎ᠠ ᠬᠠᠮᠢᠶᠠᠷᠤᠨ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠡᠭᠦᠨ ᠤ ᠤᠯᠠᠮ ᠢᠶᠠᠷ ᠨᠡᠩ ᠪᠠᠲᠤ ᠴᠢᠩᠭ᠎ᠠ ᠤᠳᠤᠷᠢᠳᠬᠤ ᠬᠦᠴᠦᠨ ᠢ ᠳᠠᠪᠲᠠᠨ ᠪᠣᠯᠪᠠᠰᠤᠷᠠᠭᠤᠯᠵᠤ᠂ ᠨᠡᠩ ᠥᠷᠭᠡᠨ ᠳᠡᠯᠭᠡᠷ ᠲᠡᠮᠡᠴᠡᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠵᠣᠷᠢᠯᠭ᠎ᠠ ᠨᠢ ᠬᠥᠮᠦᠨ ᠢ ᠨᠢᠭᠡᠮᠦᠰᠦᠨ ᠬᠠᠮᠢᠶᠠᠷᠬᠤ᠂ ᠬᠥᠮᠦᠰ ᠢ ᠤᠷᠢᠳᠤᠬᠢ ᠬᠤᠶᠢᠳᠤᠬᠢ ᠪᠠᠨ ᠪᠣᠳᠣᠬᠤ᠂ ᠠᠶᠤᠵᠤ ᠲᠠᠳᠠᠭᠠᠯᠵᠠᠬᠤ᠂ ᠴᠤᠭ ᠰᠦᠯᠳᠡ ᠦᠭᠡᠢ᠂ ᠶᠠᠭᠤ ᠴᠤ ᠪᠦᠲᠦᠭᠡᠵᠦ ᠴᠢᠳᠠᠬᠤ ᠦᠭᠡᠢ ᠦᠬᠦᠮᠡᠯ ᠪᠠᠶᠢᠳᠠᠯ ᠲᠠᠢ ᠪᠣᠯᠭᠠᠬᠤ ᠶᠢᠨ ᠲᠥᠯᠥᠭᠡ ᠪᠢᠰᠢ᠂ ᠬᠠᠷᠢᠨ ᠴᠢᠭᠯᠡᠯ ᠢ ᠲᠣᠳᠣᠷᠬᠠᠶᠢᠯᠠᠬᠤ᠂ ᠶᠣᠰᠣ ᠲᠦᠷᠢᠮ ᠢ ᠲᠣᠭᠲᠠᠭᠠᠬᠤ᠂ ᠰᠤᠷᠲᠠᠯ ᠢ ᠲᠥᠪ ᠪᠣᠯᠭᠠᠬᠤ᠂ ᠡᠭᠡᠯᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠢᠳᠡᠪᠬᠢᠲᠡᠢ ᠡᠷᠡᠭᠦᠯ ᠰᠠᠷᠠᠭᠤᠯ᠂ ᠠᠵᠢᠯ ᠬᠢᠵᠦ ᠦᠢᠯᠡᠰ ᠪᠤᠰᠬᠠᠬᠤ ᠤᠯᠤᠰ ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠣᠷᠴᠢᠨ ᠨᠦᠭᠦᠴᠡᠯ ᠢ ᠪᠤᠢ ᠪᠣᠯᠭᠠᠬᠤ ᠶᠢᠨ ᠲᠥᠯᠥᠭᠡ ᠶᠤᠮ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠦᠲᠦᠮᠵᠢᠲᠡᠢ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ ︽ᠭᠤᠷᠪᠠ ᠶᠢ ᠢᠯᠭᠠᠬᠤ︾ ᠶᠢ ᠪᠠᠷᠢᠮᠲᠠᠯᠠᠨ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠳᠠᠪᠤᠷᠢ ᠶᠢ ᠨᠡᠩ ᠰᠠᠶᠢᠲᠤᠷ ᠬᠥᠭᠵᠢᠭᠡᠨ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠥᠳᠭᠡᠨ ᠵᠤᠵᠠᠭᠠᠨ ᠠᠭᠤᠷ ᠠᠮᠢᠰᠬᠤᠯ ᠪᠠ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ