ᠰᠤᠷᠭᠠᠨ ᠬᠥᠮᠦᠵᠢᠯ ᠤᠨ ᠶᠠᠮᠤᠨ᠄ ᠠᠰᠫᠢᠷᠠᠨᠲ ᠤᠨ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠎ᠡ
ᠨᠡᠶᠢᠲᠡᠯᠡᠭᠰᠡᠨ ᠴᠠᠭ᠄
2024/3/19
       3 ᠰᠠᠷ᠎ᠠ ᠶᠢᠨ 1 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2023 ᠣᠨ ᠤ ᠪᠥᠬᠦ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠡ᠃       ᠭᠦᠸᠧ ᠫᠧᠩ ᠭᠡᠯᠡᠬᠦ ᠳᠡᠭᠡᠨ᠂ ᠠᠰᠫᠢᠷᠠᠨᠲ ᠤᠨ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠎ᠡ᠃ ᠡᠷᠳᠡᠮ ᠤᠨ ᠴᠣᠯᠠ ᠶᠢᠨ ᠲᠥᠷᠥᠯ ᠬᠡᠯᠪᠡᠷᠢ ᠠᠴᠠ ᠠᠪᠴᠤ ᠦᠵᠡᠪᠡᠯ᠂ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠲᠥᠷᠥᠯ ᠬᠤᠪᠢᠶᠠᠨ ᠬᠦᠭᠵᠢᠬᠦᠯᠬᠦ ᠶᠢ ᠠᠬᠢᠭᠤᠯᠬᠤ ᠶᠢ ᠪᠠᠷᠢᠮᠲᠠᠯᠠᠵᠤ᠂ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠪᠦᠬᠦᠢ ᠠᠰᠫᠢᠷᠠᠨᠲ ᠡᠯᠰᠡᠬᠦ ᠬᠡᠪᠴᠢᠶ᠎ᠡ ᠶᠢ ᠨᠡᠮᠡᠭᠳᠡᠭᠦᠯᠦᠨ᠂ ᠢᠨᠵᠧᠨᠧᠷᠢᠩ ᠤᠨ ᠮᠡᠷᠭᠡᠵᠢᠯ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠬᠡᠷᠡᠭᠯᠡᠭᠡᠨ ᠤ ᠬᠡᠯᠪᠡᠷᠢ ᠶᠢᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ ᠬᠡᠪᠡ᠃            ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠭᠤᠤ ᠳ᠋ᠦᠩ ᠹᠸᠡᠭ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠲᠠᠢ ᠤᠶᠠᠯᠳᠤᠭᠤᠯᠤᠨ᠂ ᠰᠢᠨ᠎ᠡ ᠮᠡᠷᠭᠡᠵᠢᠯ ᠤᠨ ᠰᠠᠯᠠᠭ᠎ᠠ᠂ ᠰᠢᠨ᠎ᠡ ᠡᠮᠨᠡᠯᠭᠡ ᠶᠢᠨ ᠰᠠᠯᠠᠭ᠎ᠠ᠂ ᠰᠢᠨ᠎ᠡ ᠬᠦᠲᠡᠭᠡ  ᠠᠵᠤ ᠠᠬᠤᠢ ᠶᠢᠨ ᠰᠠᠯᠠᠭ᠎ᠠ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ  ᠪᠠ ᠰᠤᠷᠭᠠᠨ ᠬᠥᠮᠦᠵᠢᠯ ᠤᠨ ᠠᠭᠤᠰᠤᠯᠴᠠᠯ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠤ᠂ ︽ᠵᠣᠬᠢᠶᠠᠮᠠᠯ ᠣᠶᠤᠨ ᠴᠢᠳᠠᠪᠤᠷᠢ  +  ᠰᠤᠷᠭᠠᠨ ᠬᠥᠮᠦᠵᠢᠯ︾ ᠤᠨ ᠰᠢᠨ᠎ᠡ ᠠᠮᠢ ᠠᠬᠤᠶ ᠶᠢ ᠲᠦᠷᠭᠡᠪᠴᠢᠯᠡᠨ ᠪᠠᠶᠢᠭᠤᠯᠵᠤ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂  ︽ᠪᠣᠭᠤᠮᠢ︾ ᠶᠢᠨ ᠠᠰᠠᠭᠤᠳᠠᠯ ᠤᠳ ᠢ ᠰᠢᠢᠳᠪᠦᠷᠢᠯᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ ᠭᠡᠵᠡᠶ᠃     
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ