ᠯᠢ ᠳ᠋ᠡ ᠭᠤᠸᠠᠩ ︵1909-1946︶᠂ ᠤᠤᠯ ᠨᠡᠷ᠎ᠡ ᠯᠢ ᠱᠧᠩ ᠸᠠᠩ᠂ ᠡᠷᠭᠦᠭᠰᠡᠨ ᠨᠡᠷ᠎ᠡ ᠯᠢᠶᠠᠩ ᠮᠢᠩ᠂ ᠪᠠᠭ᠎ᠠ ᠶᠢᠨ ᠨᠡᠷ᠎ᠡ ᠰᠠᠨ ᠯᠠᠮᠠ᠂ ᠡᠷᠡᠭᠲᠡᠢ᠂ | ᠬᠢᠲᠠᠳ ᠦᠨᠳᠦᠰᠦᠲᠡᠨ᠂ ᠥᠪᠥᠷ ᠮᠣᠩᠭᠤᠯ ᠤᠨ ᠲᠣᠭᠲᠠᠬᠤ ᠰᠢᠶᠠᠨ ᠤ ᠵᠦᠩ ᠲᠠᠨ ᠰᠢᠶᠠᠩ ᠤᠨ ᠯᠢᠦ ᠯᠢᠨ ᠲᠠᠨ ᠤ ᠬᠥᠮᠥᠨ᠃ | ᠯᠢ ᠳ᠋ᠡ ᠭᠤᠸᠠᠩ ᠪᠠᠭ᠎ᠠ ᠳᠠᠭᠠᠨ ᠲᠣᠭᠲᠠᠬᠤ ᠰᠢᠶᠠᠨ ᠤ ᠾᠧᠺᠸᠤ ᠪᠠᠯᠭᠠᠰᠤᠨ ᠤ ᠪᠠᠭ᠎ᠠ ᠰᠤᠷᠭᠠᠭᠤᠯᠢ ᠳᠤ ᠪᠢᠴᠢᠭ ᠦᠵᠡᠵᠦ᠂ 1926 ᠣᠨ ᠤ ᠡᠬᠢ ᠪᠠᠷ | ᠬᠦᠢᠰᠦ᠋ᠢ ᠳᠤᠮᠳᠠᠳᠤ ᠰᠤᠷᠭᠠᠭᠤᠯᠢ ᠳᠤ ᠰᠢᠯᠭᠠᠨ ᠣᠷᠣᠵᠠᠢ᠃ 1927 ᠣᠨ ᠳᠤ ᠰᠦᠢᠶᠤᠸᠠᠨ ᠤ ᠪᠠᠭᠰᠢ ᠶᠢᠨ ᠰᠤᠷᠭᠠᠭᠤᠯᠢ ᠳᠤ ᠰᠢᠯᠵᠢᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠳᠤ ᠣᠷᠣᠪᠠ᠃ 10 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠢ ᠡᠭᠦᠷ ᠤᠨ | ᠤᠳᠤᠷᠢᠳᠤᠯᠭ᠎ᠠ ᠳᠣᠣᠷ᠎ᠠ ᠬᠤᠪᠢᠰᠬᠠᠯ ᠤᠨ ᠠᠵᠢᠯᠯᠠᠭ᠎ᠠ ᠪᠠᠨ ᠦᠷᠭᠦᠯᠵᠢᠯᠡᠨ ᠪᠠᠷᠢᠮᠲᠠᠯᠠᠪᠠ᠃ | 1930 ᠣᠨ ᠤ ᠵᠤᠨ᠂ ᠯᠢ ᠳ᠋ᠡ ᠭᠤᠸᠠᠩ ᠪᠸᠢᠢᠫᠢᠩ ᠤᠨ ᠬᠤᠩ ᠳ᠋ᠠ ᠰᠤᠷᠭᠠᠭᠤᠯᠢ ᠳᠤ ᠰᠢᠯᠭᠠᠭᠤᠯᠤᠨ ᠣᠷᠣᠵᠤ ᠪᠢᠴᠢᠭ ᠦᠵᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠾᠧᠪᠧᠢ ᠮᠤᠵᠢ ᠶᠢᠨ ᠬᠤᠷᠢᠶ᠎ᠠ ᠲᠠᠢ ᠬᠤᠯᠪᠣᠭ᠎ᠠ ᠠᠪᠤᠪᠠ᠃ 1932 ᠣᠨ ᠤ 5 ᠰᠠᠷ᠎ᠠ ᠳᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠾᠥᠪᠸᠢ ᠮᠤᠵᠢ ᠶᠢᠨ ᠬᠤᠷᠢᠶᠠᠨ ᠤ ᠲᠣᠮᠢᠯᠠᠯᠲᠠ ᠪᠠᠷ ᠯᠢ ᠳ᠋ᠡ ᠭᠤᠸᠠᠩ ᠢ ᠰᠦᠢᠶᠤᠸᠠᠨ ᠳᠤ ᠪᠤᠴᠠᠭᠠᠨ ᠠᠵᠢᠯᠯᠠᠭᠤᠯᠪᠠ᠃ 1933 ᠣᠨ ᠤ 4 | ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠲᠦᠪ ᠰᠢᠶᠠᠨ ᠤ ᠨᠠᠮ ᠤᠨ ᠬᠤᠷᠢᠶ᠎ᠠ ᠡᠪᠳᠡᠭᠳᠡᠪᠡ᠃ ᠨᠠᠮᠤᠷ ᠨᠢ᠂ ᠯᠢ ᠳ᠋ᠡ ᠭᠤᠸᠠᠩ | ᠬᠥᠬᠡᠬᠤᠲᠠ ᠳᠤ ᠪᠠᠷᠢᠪᠴᠢᠯᠠᠭᠳᠠᠪᠠ᠃ ᠭᠢᠨᠳᠠᠨ ᠠᠴᠠ ᠣᠷᠭᠤᠭᠠᠳ ᠠᠮᠵᠢᠯᠲᠠ ᠣᠯᠣᠭᠰᠠᠨ ᠤ ᠲᠠᠷᠠᠭ᠎ᠠ᠂ ᠡᠮᠴᠢᠯᠡᠬᠦ ᠨᠡᠷ᠎ᠡ ᠪᠠᠷ ᠲᠦᠮᠡᠳ ᠤᠨ ᠬᠥᠳᠡᠭᠡ ᠲᠣᠰᠬᠤᠨ᠂ | ᠪᠤᠭᠤᠲᠤ ᠪᠣᠯᠣᠨ ᠲᠠᠯᠠᠨ ᠬᠠᠷ᠎ᠠ ᠠᠭᠤᠯᠠ ᠶᠢᠨ ᠠᠷᠤ ᠳᠤ ᠠᠵᠢᠯᠯᠠᠭ᠎ᠠ ᠬᠢᠪᠡ᠃ | 1938 ᠣᠨ ᠤ 9 ᠰᠠᠷ᠎ᠠ ᠳᠤ᠂ ᠨᠠᠢᠮᠠᠳᠤᠭᠠᠷ ᠵᠠᠮ ᠤᠨ ᠴᠡᠷᠢᠭ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ | ᠨᠡᠭᠡᠭᠡᠭᠰᠡᠨ ᠤ ᠳᠠᠷᠠᠭ᠎ᠠ᠂ ᠯᠢ ᠳ᠋ᠡ ᠭᠤᠸᠠᠩ ᠨᠠᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭ᠎ᠠ ᠠᠪᠴᠤ᠂ ᠲᠣᠭᠲᠠᠬᠤ ᠰᠢᠶᠠᠨ ᠳᠠᠭᠠᠨ ᠪᠤᠴᠠᠨ ᠢᠷᠡᠵᠦ ᠤᠯᠠᠨ | ᠲᠦᠮᠡᠨ ᠤ ᠶᠠᠫᠤᠨ ᠢ ᠡᠰᠡᠷᠭᠦᠴᠡᠬᠦ ᠠᠵᠢᠯ ᠢ ᠥᠷᠨᠢᠭᠦᠯᠪᠡ᠃ 1940 ᠣᠨ ᠤ ᠵᠢᠷᠭᠤᠭ᠎ᠠ᠂ ᠳᠣᠯᠣᠳᠤᠭᠠᠷ ᠰᠠᠷ᠎ᠠ ᠶᠢᠨ ᠬᠤᠭᠤᠷᠣᠨᠳᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠦᠢᠶᠤᠸᠠᠨ ᠣᠷᠣᠨ ᠤ ᠬᠤᠷᠢᠶ᠎ᠠ ᠠᠴᠠ ᠳᠠᠯᠠᠨ ᠬᠠᠷ᠎ᠠ ᠣᠷᠣᠨ ᠤ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢ ᠨᠢᠭᠡᠳᠦᠯᠲᠡᠢ ᠤᠳᠤᠷᠢᠳᠬᠤ ᠶᠢᠨ | ᠲᠥᠯᠥᠭᠡ᠂ ᠰᠦᠢᠶᠤᠸᠠᠨ ᠴᠠᠬᠠᠷ ᠤᠨ ᠲᠤᠰᠠᠭᠠᠷ ᠬᠤᠶᠠᠳᠤᠭᠠᠷ ᠰᠠᠯᠪᠤᠷᠢ ᠠᠩᠭᠢ ᠶᠢ ᠪᠠᠶᠢᠭᠤᠯᠵᠤ᠂ ᠯᠢ ᠳ᠋ᠡ ᠭᠤᠸᠠᠩ ᠱᠲ᠋ᠠᠪ ᠤᠨ ᠳᠠᠷᠤᠭ᠎ᠠ ᠶᠢᠨ ᠲᠤᠰᠢᠶᠠᠯ ᠢ | ᠬᠠᠷᠢᠭᠤᠴᠠᠪᠠ᠃ ᠨᠠᠮᠤᠷ ᠠᠴᠠ᠂ ᠯᠢ ᠳ᠋ᠡ ᠭᠤᠸᠠᠩ ᠨᠢᠭᠡᠨ ᠰᠠᠯᠠᠭ᠎ᠠ ᠫᠠᠷᠲ᠋ᠢᠽᠠᠨ ᠠᠩᠭᠢ ᠶᠢ ᠳᠠᠭᠠᠭᠤᠯᠤᠨ ᠬᠥᠬᠡᠬᠤᠲᠠ᠂ ᠲᠣᠭᠲᠠᠬᠤ᠂ ᠬᠤᠷᠢᠨᠭᠡᠷ ᠭᠤᠷᠪᠠᠯᠵᠢᠨ | ᠣᠷᠣᠨ ᠢᠶᠠᠷ ᠫᠠᠷᠲ᠋ᠢᠽᠠᠨ ᠳᠠᠶᠢᠨ ᠥᠷᠨᠢᠭᠦᠯᠵᠦ᠂ ᠲᠦᠸᠧ ᠾᠧ ᠴᠢᠩ ᠰᠢᠶᠠᠨ ︵ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ ᠰᠦᠢᠶᠤᠸᠠᠨ ᠤ ᠡᠮᠦᠨᠡᠲᠦ | ᠬᠡᠰᠡᠭ ᠤᠨ ᠲᠤᠰᠬᠠᠢ ᠣᠷᠣᠨ ᠤ ᠨᠠᠮ ᠤᠨ ᠤ ᠠᠵᠢᠯᠯᠠᠬᠤ ᠬᠤᠷᠢᠶ᠎ᠠ ᠶᠢᠨ ᠬᠠᠷᠢᠶᠠᠨ ᠲᠠᠬᠢ ᠳᠦᠷᠪᠡᠨ ᠰᠢᠶᠠᠨ ᠤ ᠨᠢᠭᠡ︶ ᠱᠦᠵᠢ ᠯᠢ ᠶᠦᠨ ᠯᠦᠩ᠂ ᠰᠢᠶᠠᠨ ᠤ | ᠳᠠᠷᠤᠭ᠎ᠠ ᠶᠠᠩ ᠴᠢ ᠱᠠᠨ ᠲᠠᠢ ᠬᠠᠮᠵᠢᠯᠴᠠᠨ ᠣᠷᠣᠨ ᠨᠤᠲᠤᠭ ᠤᠨ ᠠᠵᠢᠯ ᠢ ᠥᠷᠨᠢᠭᠦᠯᠵᠡᠢ᠃ | 1942 ᠣᠨ ᠳᠤ ᠶᠠᠫᠤᠨ ᠢ ᠡᠰᠡᠷᠭᠦᠴᠡᠬᠦ ᠲᠠᠶᠢᠨ ᠬᠦᠴᠢᠷᠳᠡᠯ ᠲᠠᠢ ᠦᠶ᠎ᠡ ᠳᠤ ᠣᠷᠣᠭᠰᠠᠨ ᠤ ᠲᠠᠷᠠᠭ᠎ᠠ᠂ ᠯᠢ ᠳ᠋ᠡ ᠭᠤᠸᠠᠩ ︽ᠨᠢᠭᠤᠴᠠ ᠳᠣᠷᠣ ᠶᠢᠨ | ᠪᠣᠳᠣᠯᠭ᠎ᠠ︾ ᠪᠠᠨ ᠪᠠᠷᠢᠮᠲᠠᠯᠠᠵᠤ᠂ ᠲᠣᠭᠲᠠᠬᠤ ᠪᠠ ᠬᠤᠷᠢᠨᠭᠡᠷ ᠣᠷᠴᠢᠮ ᠢᠶᠠᠷ ᠶᠠᠫᠤᠨ ᠢ ᠡᠰᠡᠷᠭᠦᠴᠡᠬᠦ ᠠᠵᠢᠯᠯᠠᠭ᠎ᠠ ᠥᠷᠨᠢᠭᠦᠯᠪᠡ᠃ 1945 ᠣᠨ ᠤ ᠰᠡᠭᠦᠯᠴᠢ ᠪᠠᠷ᠂ | ᠮᠠᠭᠤ ᠡᠲᠡᠭᠡᠳ ᠨᠢᠭᠤᠴᠠ ᠶᠢ ᠵᠠᠳᠠᠷᠠᠭᠤᠯᠤᠭᠰᠠᠨ ᠠᠴᠠ ᠭᠤᠮᠢᠨᠳᠠᠩ ᠤᠨ ᠲᠡᠷᠰᠯᠡᠭᠦᠴᠦᠳ ᠲᠤ ᠪᠠᠷᠢᠪᠴᠢᠯᠠᠭᠳᠠᠭᠠᠳ᠂ ᠬᠥᠬᠡᠬᠤᠲᠠ ᠳᠤ ᠠᠪᠠᠴᠢᠵᠤ ᠬᠤᠷᠢᠪᠠ᠃ | 1946 ᠣᠨ ᠳᠤ ᠬᠤᠤᠷᠯᠠᠭᠳᠠᠵᠤ᠂ ᠪᠡᠶ᠎ᠡ ᠦᠷᠡᠭᠳᠡᠬᠦ ᠦᠶ᠎ᠡ ᠳᠡᠭᠡᠨ 37 ᠨᠠᠰᠤᠲᠠᠢ ᠪᠠᠶᠢᠪᠠ᠃ | |