ᠾᠧᠨᠠᠨ ᠤ ᠵᠧᠩ ᠬᠠᠨ ᠤ ᠬᠠᠭᠤᠴᠢᠨ ᠬᠤᠲᠠ ᠠᠴᠠ ᠬᠠᠯᠬᠠᠭ᠎ᠠ ᠬᠤᠲᠠ ᠶᠢ ᠠᠩᠬ᠎ᠠ ᠤᠳᠠᠭ᠎ᠠ ᠢᠯᠡᠷᠡᠭᠦᠯᠪᠡ
ᠨᠡᠶᠢᠲᠡᠯᠡᠭᠰᠡᠨ ᠴᠠᠭ᠄
2024/3/20
       ᠬᠠᠭᠤᠴᠢ ᠰᠣᠳᠣᠯᠣᠭᠴᠢᠳ ᠾᠧᠨᠠᠨ ᠮᠤᠵᠢ ᠶᠢᠨ ᠰᠢᠨᠵᠧᠩ ᠬᠤᠲᠠ ᠶᠢᠨ ᠵᠧᠩ ᠬᠠᠨ ᠤ ᠬᠠᠭᠤᠴᠢᠨ ᠬᠤᠲᠠ ᠶᠢᠨ ᠵᠡᠭᠦᠨ ᠬᠤᠲᠠ ᠶᠢᠨ ᠬᠠᠭᠠᠯᠭ᠎ᠠ ᠬᠤᠶᠢᠲᠤ ᠬᠤᠲᠠ ᠶᠢᠨ ᠬᠠᠭᠠᠯᠭ᠎ᠠ ᠶᠢᠨ ᠪᠠᠭᠤᠷᠢ ᠶᠢᠨ ᠬᠠᠭᠤᠴᠢ ᠰᠣᠳᠣᠯᠣᠯ ᠤᠨ ᠪᠠᠶᠢᠴᠠᠭᠠᠯᠲᠠ ᠳᠤ ᠬᠤᠲᠠ ᠶᠢᠨ ᠬᠠᠭᠠᠯᠭ᠎ᠠ ᠪᠠ ᠬᠠᠯᠬᠠᠭ᠎ᠠ ᠬᠤᠲᠠ ᠶᠢ ᠠᠩᠬ᠎ᠠ ᠤᠳᠠᠭ᠎ᠠ ᠢᠯᠡᠷᠡᠭᠦᠯᠪᠡ᠂ ᠡᠨᠡ ᠨᠢ ᠳᠤᠮᠳᠠᠳᠤ ᠤᠯᠤᠰ ᠤᠨ ᠡᠷᠲᠡᠨ ᠤ ᠬᠤᠲᠠ ᠶᠢᠨ ᠰᠡᠷᠭᠡᠶᠢᠯᠡᠨ ᠬᠠᠮᠠᠭᠠᠯᠠᠯᠲᠠ ᠶᠢᠨ ᠰᠢᠰᠲ᠋ᠧᠮ ᠢ ᠰᠣᠳᠣᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ᠃       ᠲᠠᠨᠢᠯᠴᠠᠭᠤᠯᠤᠭᠰᠠᠨ ᠢᠶᠠᠷ᠂ ᠡᠨᠡ ᠪᠣᠯ ᠵᠧᠩ ᠬᠠᠨ ᠤ ᠡᠷᠲᠡᠨ ᠤ ᠬᠤᠲᠠ ᠶᠢᠨ ᠬᠠᠭᠤᠴᠢ ᠰᠣᠳᠣᠯᠣᠯ ᠤᠨ ᠠᠵᠢᠯ ᠢ ᠦᠷᠨᠢᠭᠦᠯᠦᠭᠰᠡᠨ 50 ᠭᠠᠷᠤᠢ ᠵᠢᠯ ᠤᠨ ᠲᠤᠷᠰᠢ᠂ ᠰᠢᠨᠵᠢᠯᠡᠬᠦ ᠤᠬᠠᠭᠠᠨᠴᠢ ᠪᠠᠷ ᠨᠡᠬᠡᠭᠡᠨ ᠮᠠᠯᠲᠠᠬᠤ ᠪᠠᠷ ᠳᠠᠮᠵᠢᠭᠤᠯᠵᠤ ᠣᠯᠣᠭᠰᠠᠨ ᠲᠦᠷᠦᠬᠦᠤ ᠨᠢᠭᠡ ᠬᠤᠲᠠ ᠶᠢᠨ ᠬᠠᠭᠠᠯᠭ᠎ᠠ ᠪᠣᠯᠣᠨ᠎ᠠ᠃ ᠲᠤᠰ ᠬᠤᠲᠠ ᠶᠢᠨ ᠬᠠᠭᠠᠯᠭ᠎ᠠ ᠪᠣᠯ ᠬᠠᠯᠬᠠᠭ᠎ᠠ ᠬᠤᠲᠠ ᠶᠢᠨ ᠪᠦᠲᠦᠴᠡ ᠲᠠᠢ᠂ ᠪᠠᠶᠢᠷᠢᠰᠢᠯ ᠨᠢ ᠲᠣᠳᠣᠷᠬᠠᠢ᠂ ᠪᠦᠷᠢᠨ ᠪᠦᠲᠦᠨ ᠬᠠᠲᠠᠭᠠᠯᠬᠲᠠᠨ ᠦᠯᠡᠲᠡᠪᠡ᠂ ᠡᠨᠡ ᠨᠢ ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠶᠢᠨ ᠨᠡᠶᠢᠰᠯᠡᠯ ᠬᠤᠲᠠ ᠶᠢᠨ ᠪᠠᠭᠤᠷᠢ ᠳᠣᠲᠣᠷ᠎ᠠ ᠲᠤᠩ ᠬᠤᠪᠣᠷ ᠪᠤᠯᠬᠤᠷ᠂ ᠮᠠᠨ ᠤ ᠤᠯᠤᠰ ᠤᠨ ᠡᠷᠲᠡᠨ ᠤ ᠨᠡᠶᠢᠰᠯᠡᠯ ᠬᠤᠲᠠ ᠶᠢᠨ ᠪᠠᠷᠢᠯᠭ᠎ᠠ ᠶᠢᠨ ᠲᠡᠥᠬᠡᠨ ᠳᠡᠭᠡᠷᠡᠬᠢ ᠬᠤᠭᠤᠰᠤᠨ ᠢ ᠨᠦᠬᠦᠪᠦᠷᠢᠯᠡᠵᠡᠢ᠃     
ᠢᠷᠡᠯᠲᠡ᠄ ᠬᠦᠪᠡᠭᠡᠲᠤ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ