ᠮᠠᠨ ᠤ ᠣᠷᠣᠨ ᠤᠰᠤ ᠠᠷᠪᠢᠯᠠᠬᠤ ᠭᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ 11 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/20
       ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠭᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠰᠤ ᠠᠷᠪᠢᠯᠠᠬᠤ ᠬᠥᠮᠦᠵᠢᠯ ᠢ ᠴᠢᠩᠭᠠᠳᠬᠠᠬᠤ᠂ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠬᠤ᠂  ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠬᠤ 3 ᠲᠠᠯ᠎ᠠ ᠪᠠᠷ 11 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠪᠡ᠃       ︽ᠲᠥᠰᠥᠯ︾ ᠳᠤ᠂ 2025 ᠣᠨ ᠤ ᠰᠡᠭᠦᠯᠴᠢ ᠪᠤᠯᠲᠠᠯ᠎ᠠ ᠤᠰᠤ ᠠᠷᠪᠢᠯᠠᠬᠤ ᠭᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠶᠢ ᠪᠡᠶᠡᠯᠡᠭᠦᠯᠵᠦ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠨ᠂ ᠲᠣᠭᠲᠠᠭᠰᠠᠨ ᠨᠤᠷᠮ᠎ᠠ ᠠᠴᠠ ᠬᠡᠲᠦᠷᠡᠭᠰᠡᠨ᠂ ᠲᠥᠯᠥᠪᠯᠡᠭᠡ ᠠᠴᠠ ᠳᠠᠪᠠᠭᠰᠠᠨ ᠵᠡᠷᠭᠡ ᠤᠰᠤ ᠬᠡᠷᠡᠭᠯᠡᠬᠦ ᠠᠰᠠᠭᠤᠳᠠᠯ ᠢ ᠦᠨᠳᠦᠰᠦᠨ ᠳᠡᠭᠡᠨ ᠴᠡᠭᠴᠡᠯᠡᠨ ᠵᠠᠰᠠᠵᠤ᠂ ᠨᠢᠭᠡᠳᠦᠭᠡᠷ ᠳᠡᠰ ᠪᠠ ᠳᠡᠳ᠋ ᠲᠠᠰ  ᠤᠨ ᠤᠰᠤᠨ ᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠭᠡᠨ᠂ ᠰᠤᠷᠭᠠᠭᠤᠯᠢ ᠶᠢᠨ ᠬᠦᠷᠢᠶᠡᠨ ᠤ ᠤᠰᠤ ᠬᠠᠩᠭᠠᠬᠤ ᠬᠤᠭᠤᠯᠠᠢ ᠲᠣᠣᠷ ᠤᠨ ᠤᠰᠤ ᠭᠤᠭᠤᠵᠢᠵᠤ ᠬᠤᠬᠢᠷᠠᠬᠤ ᠨᠣᠷᠮ᠎ᠠ ᠶᠢ 8% ᠶᠢᠨ ᠳᠣᠲᠣᠷ᠎ᠠ ᠬᠢᠵᠠᠭᠠᠷᠯᠠᠵᠤ᠂ ᠰᠤᠷᠭᠠᠭᠤᠯᠢ ᠶᠢᠨ ᠣᠶᠤᠨᠲᠤ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠤ ᠪᠦᠷᠬᠦᠴᠡ ᠶᠢᠨ ᠨᠣᠷᠮ᠎ᠠ ᠶᠢ 60% ᠳᠤ ᠬᠦᠷᠭᠡᠨ᠂ ᠤᠬᠢᠶᠠᠯᠭ᠎ᠠ ᠪᠠ ᠤᠤᠭᠤᠬᠤ ᠤᠰᠤᠨ  ᠤ ᠡᠵᠡᠮᠳᠡᠯ ᠤᠨ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ 100% ᠳᠤ ᠭᠦᠷᠭᠡᠨ᠎ᠠ;2028 ᠣᠨ ᠤ ᠰᠡᠭᠦᠯᠴᠢ ᠪᠤᠯᠲᠠᠯ᠎ᠠ ᠶᠡᠭᠡ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠠᠵᠢᠯ ᠤᠨ ᠲᠣᠭᠲᠠᠴᠠ ᠶᠢ ᠨᠠᠩ ᠪᠦᠷᠢᠨᠰᠢᠭᠦᠯᠦᠨ᠂ ᠰᠤᠷᠭᠠᠭᠤᠯᠢ ᠶᠢᠨ ᠬᠦᠷᠢᠶᠡᠨ ᠤ ᠤᠰᠤ ᠬᠠᠩᠭᠠᠬᠤ ᠬᠤᠭᠤᠯᠠᠢ ᠲᠣᠣᠷ ᠤᠨ ᠤᠰᠤ ᠭᠤᠭᠤᠵᠢᠵᠤ ᠬᠤᠬᠢᠷᠠᠬᠤ ᠨᠣᠷᠮ᠎ᠠ ᠶᠢ 7% ᠶᠢᠨ ᠳᠣᠲᠣᠷ᠎ᠠ ᠬᠢᠵᠠᠭᠠᠷᠯᠠᠵᠤ᠂ ᠰᠤᠷᠭᠠᠭᠤᠯᠢ ᠶᠢᠨ ᠣᠶᠤᠨᠲᠤ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ  ᠤᠨ ᠠᠵᠢᠯᠯᠠᠭᠠᠨ ᠤ ᠪᠦᠷᠬᠦᠴᠡ ᠶᠢᠨ ᠨᠣᠷᠮ᠎ᠠ ᠶᠢ 80% ᠳᠤ ᠬᠦᠷᠭᠡᠨ᠂ ᠰᠤᠷᠭᠠᠭᠤᠯᠢ ᠶᠢᠨ ᠬᠦᠷᠢᠶᠡᠨ ᠤ ᠦᠵᠡᠮᠵᠢ ᠪᠠ ᠨᠣᠭᠤᠭᠠᠷᠠᠭᠤᠯᠤᠯᠲᠠ ᠵᠡᠷᠭᠡ ᠳᠤ ᠬᠡᠪ ᠤᠨ ᠪᠤᠰᠤ ᠤᠰᠤᠨ ᠰᠤᠷᠪᠤᠯᠵᠢ ᠶᠢ ᠥᠷᠭᠡᠨ ᠢᠶᠠᠷ ᠬᠡᠷᠡᠭᠯᠡᠨ᠎ᠡ ᠭᠡᠵᠦ  ᠲᠣᠳᠣᠷᠬᠠᠢ  ᠱᠠᠭᠠᠷᠳᠠᠵᠠᠢ᠃       ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠤᠰᠤ ᠠᠷᠪᠢᠯᠠᠬᠤ ᠭᠡᠯᠪᠡᠷᠢ ᠶᠢᠨ ᠳᠡᠭᠡᠳᠦ ᠰᠤᠷᠭᠠᠭᠤᠯᠢ ᠶᠢ ᠨᠡᠶᠢᠲᠡ 38 ᠪᠠᠶᠢᠭᠤᠯᠵᠤ᠂ ᠪᠠᠶᠢᠭᠤᠯᠤᠭᠰᠠᠨ ᠬᠠᠷᠢᠴᠠᠯ 71.7% ᠳᠤ ᠬᠦᠷᠴᠡᠢ᠃ ᠲᠠᠷᠠᠭᠠᠴᠢ ᠪᠠᠷ ᠤᠰᠤᠨ ᠠᠰᠢᠭᠯᠠᠯᠲᠠ᠂ ᠰᠤᠷᠭᠠᠨ ᠬᠥᠮᠦᠵᠢᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠤᠰᠤ ᠠᠷᠪᠢᠯᠠᠬᠤ ᠠᠵᠢᠯᠯᠠᠭ᠎ᠠ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠪᠠ ᠮᠥᠷᠳᠡᠨ ᠬᠢᠨᠠᠨ ᠵᠢᠯᠤᠭᠤᠳᠬᠤ ᠶᠢ ᠴᠢᠩᠭᠠᠳᠬᠠᠨ᠂ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ᠂ ᠣᠯᠠᠨ ᠡᠰᠢᠵᠢᠭᠰᠡᠨ ᠪᠡᠯᠡ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ ᠤᠰᠤ ᠠᠷᠪᠢᠯᠠᠬᠤ ᠭᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠭᠡᠯᠪᠡᠷᠢ ᠶᠢᠨ᠂ ᠣᠷᠴᠢᠨ ᠲᠣᠭᠤᠷᠢᠨ ᠨᠥᠭᠦᠷᠰᠡᠭ ᠭᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠭᠦ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ