ᠮᠠᠨ ᠤ ᠣᠷᠣᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠳᠡᠮᠵᠢᠬᠦ ᠪᠠᠷ 2.12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠠᠢ
ᠨᠡᠶᠢᠲᠡᠯᠡᠭᠰᠡᠨ ᠴᠠᠭ᠄
2024/3/20
       ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ 2.12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠮᠵᠢᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃       ᠮᠠᠨ ᠤ ᠣᠷᠣᠨ ︽ᠪᠠᠭᠰᠢ ᠶᠢᠨ ᠣᠨᠴᠠ ᠠᠵᠢᠯ ᠤᠨ ᠪᠠᠶᠢᠷᠢ ᠶᠢᠨ ᠲᠥᠯᠥᠪᠯᠡᠭᠡ︾ ᠶᠢᠨ ᠪᠠᠭᠰᠢ ᠶᠢᠨ ᠨᠥᠬᠦᠪᠦᠷᠢ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠵᠢᠴᠢ ᠰᠢᠯᠢᠳᠡᠭ ᠢᠳᠡᠷ ᠵᠠᠯᠠᠭᠤ ᠪᠠᠭᠰᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠰᠤᠷᠭᠠᠨ ᠬᠥᠮᠦᠵᠢᠯ ᠢ ᠳᠡᠮᠵᠢᠬᠦ ᠨᠥᠬᠦᠪᠦᠷᠢ ᠵᠡᠷᠭᠡ 1.43 ᠳ᠋ᠦᠩᠰᠢᠭᠤᠷ ᠲᠥᠭᠦᠷᠢᠭ ᠤᠨ ᠨᠥᠬᠦᠪᠦᠷᠢ ᠪᠠᠭᠤᠯᠭᠠᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠢᠯᠠᠩᠭᠤᠶ᠎ᠠ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠡᠮᠵᠢᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠭᠢ ᠵᠥᠷᠢᠶ᠎ᠡ ᠶᠢ ᠪᠠᠭᠠᠰᠬᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠵᠤ ᠪᠤᠢ᠃       ᠮᠠᠨ ᠤ ᠣᠷᠣᠨ ᠪᠠᠰᠠ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠬᠦᠴᠦᠯᠡᠵᠦ᠂ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠠᠰ ᠤᠨ ᠪᠣᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠦᠨ᠂ ︽ᠤᠯᠤᠰ ᠤᠨ ᠪᠣᠯᠪᠠᠰᠤᠷᠠᠯ ᠤᠨ ᠲᠥᠯᠥᠪᠯᠡᠭᠡ︾ ᠶᠢᠨ 5886 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠶᠢ ᠣᠯᠬᠤ ᠪᠠᠷ ᠴᠢᠷᠮᠠᠶᠢᠵᠤ᠂  ᠭᠤᠣᠯᠳᠠᠭᠤ ᠬᠥᠳᠡᠭᠡ ᠲᠣᠰᠬᠤᠨ ᠤ ᠪᠠᠭᠰᠢ ᠪᠠ ᠰᠤᠷᠭᠠᠭᠤᠯᠢ ᠶᠢᠨ ᠵᠠᠬᠢᠷᠤᠯ ᠤᠨ ᠲᠣᠭᠤᠷᠢᠨ ᠳᠤ ᠪᠠᠭᠰᠢ ᠶᠢᠨ ᠪᠣᠯᠪᠠᠰᠤᠷᠠᠯ ᠢ ᠲᠠᠰ ᠳᠠᠪᠬᠤᠷᠭ᠎ᠠ ᠬᠤᠪᠢᠶᠠᠭᠰᠠᠨ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠶᠢᠨ ᠪᠣᠯᠪᠠᠰᠤᠷᠠᠯ ᠢ ᠥᠷᠨᠢᠭᠦᠯᠬᠦ ᠶᠢ ᠳᠡᠮᠵᠢᠵᠦ᠂  ᠬᠥᠳᠡᠭᠡ ᠲᠤᠰᠬᠤᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠭᠦ ᠪᠠᠷ ᠪᠤᠢ᠃ ᠥᠪᠡᠷᠲᠡᠭᠡᠨ ᠵᠠᠰᠠᠬᠤ ᠣᠷᠣᠨ ᠠᠴᠠ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ1000 ᠲᠦᠮᠡᠨ ᠲᠥᠭᠦᠷᠢᠭ ᠲᠣᠬᠢᠷᠠᠭᠤᠯᠵᠤ᠂ ︽ᠤᠯᠤᠰ ᠤᠨ ᠪᠣᠯᠪᠠᠰᠤᠷᠠᠯ ᠤᠨ ᠲᠥᠯᠥᠪᠯᠡᠭᠡ︾ ᠲᠠᠢ ᠨᠢᠭᠡᠳᠦᠯᠲᠡᠢ ᠲᠥᠯᠥᠪᠵᠢᠭᠦᠯᠦᠨ ᠨᠢᠭᠡᠳᠦᠯᠲᠡᠢ ᠬᠡᠷᠡᠭᠵᠢᠭᠦᠯᠵᠦ᠂ ᠪᠠᠭᠰᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ᠂ ᠪᠠᠭᠰᠢ ᠶᠢᠨ ᠶᠣᠰᠣ ᠮᠣᠷᠠᠯ ᠤᠨ ᠬᠡᠪ ᠪᠣᠯᠪᠠᠰᠤᠷᠠᠯ ᠪᠠ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠪᠠᠷ ᠭᠤᠣᠯ ᠪᠤᠯᠭᠠᠵᠤ᠂ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠨ᠂ ᠪᠠᠭᠰᠢ ᠶᠢᠨ ᠬᠡᠪ ᠪᠣᠯᠪᠠᠰᠤᠷᠠᠯ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠷᠠᠭᠤᠯᠵᠤ ᠪᠠᠶᠢᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ