ᠮᠠᠨ ᠤ ᠣᠷᠣᠨ ᠤ ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/3/20
       ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠠᠴᠠ ᠬᠠᠮᠲᠤᠷᠠᠨ ᠥᠷᠨᠢᠭᠦᠯᠦᠭᠰᠡᠨ ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠵᠢᠴᠢ ᠠᠩᠬᠠᠨ ᠤ  ᠮᠡᠳᠡᠭᠦᠯᠦᠯᠲᠡ ᠶᠢᠨ ᠬᠤᠷᠠᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ 300  ᠭᠠᠷᠤᠢ  ᠪᠠᠭᠰᠢ  ᠰᠤᠷᠤᠬᠴᠢ ᠪᠣᠯᠣᠨ ᠰᠦᠯᠵᠢᠶᠡᠨ ᠳᠡᠭᠡᠷᠡᠬᠢ 35.52 ᠲᠦᠮᠡᠨ ᠠᠵᠢᠯᠲᠠᠨ ᠠᠵᠢᠯᠴᠢᠨ᠂ ᠰᠤᠷᠤᠬᠴᠢ  ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠰᠣᠨᠣᠰᠴᠠᠢ᠃       ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠨᠢ ᠲᠣᠰ ᠵᠢᠯ ᠤᠨ ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠶᠢᠨ ᠰᠢᠷᠢᠰ ᠠᠵᠢᠯᠯᠠᠭ᠎ᠠ ᠶᠢᠨ ᠠᠩᠬᠠᠨ ᠤ ᠲᠠᠯᠠᠪᠤᠷ ᠪᠠᠶᠢᠵᠤ᠂ ᠲᠤᠬᠠᠢ ᠶᠢᠨ ᠲᠠᠯᠠᠪᠠᠢ ᠳᠤ ᠯᠢᠶᠣᠤ ᠯᠢ ᠵᠢᠤᠸᠠᠨ᠂ ᠪᠠᠢ ᠮᠢᠶᠣᠣ ᠰᠢᠨ᠂ ᠸᠠᠩ ᠰᠢᠤᠸᠠᠢ ᠮᠧᠶ ᠵᠡᠷᠭᠡ 3 ᠥᠪᠡᠷᠲᠡᠭᠡᠨ ᠵᠠᠰᠠᠬᠤ ᠣᠷᠣᠨ ᠤ ᠡᠮᠡᠭᠲᠡᠢ ᠭᠦᠳᠡᠯᠮᠦᠷᠢ ᠶᠢᠨ ᠵᠢᠱᠢᠶᠡᠴᠢ᠂ ᠤᠮᠠᠷᠠᠲᠤ ᠬᠢᠯᠢ ᠶᠢᠨ ᠤᠷᠠᠨ ᠳᠠᠷᠬᠠᠨ ᠢ ᠤᠷᠢᠵᠤ ᠰᠤᠷᠤᠬᠴᠢᠳ ᠲᠠᠢ ᠨᠢᠭᠤᠷᠲᠠᠨ ᠶᠠᠷᠢᠯᠴᠠᠭᠤᠯᠵᠠᠢ᠃ ᠲᠠᠳᠠ ᠠᠳᠠᠯᠢ ᠪᠤᠰᠤ ᠠᠵᠢᠯ ᠲᠥᠷᠥᠯ ᠠᠴᠠ ᠢᠷᠡᠵᠦ᠂ ᠥᠰᠦᠨ ᠪᠣᠶᠢᠵᠢᠵᠤ ᠴᠢᠳᠠᠪᠤᠷᠢᠲᠠᠨ ᠪᠣᠯᠤᠭᠰᠠᠨ ᠥᠩᠭᠡᠷᠡᠯᠲᠡ ᠪᠠᠨ ᠬᠤᠪᠢᠶᠠᠯᠴᠠᠨ᠂ ᠠᠳᠠᠯ ᠦᠢᠯᠡᠰ ᠴᠣᠭᠴᠠᠯᠠᠨ ᠲᠡᠮᠡᠴᠡᠭᠰᠡᠨ ᠥᠯᠢᠭᠡᠷ ᠢᠶᠠᠨ ᠶᠠᠷᠢᠵᠤ᠂ ᠰᠤᠷᠤᠬᠴᠢᠳ ᠲᠠᠢ ᠰᠠᠨᠠᠯ ᠢᠶᠠᠨ ᠰᠣᠯᠢᠯᠴᠠᠪᠠ᠃       ᠲᠠᠨᠢᠯᠴᠠᠭᠤᠯᠤᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ ᠦᠨᠳᠦᠰᠦᠲᠡᠨ ᠤ  ᠬᠠᠮᠲᠤ ᠶᠢᠨ  ᠴᠣᠭᠴᠠ ᠶᠢᠨ  ᠤᠬᠠᠮᠰᠠᠷ ᠢ  ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠬᠠᠮᠲᠤ ᠪᠠᠷ  600 ᠭᠠᠷᠤᠢ ᠲᠠᠯᠠᠪᠤᠷ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠰᠤᠷᠭᠠᠭᠤᠯᠢ ᠶᠢᠨ ᠬᠦᠷᠢᠶᠡᠨ ᠳᠤ ᠣᠷᠣᠬᠤ︾ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠭᠢᠯᠡᠭᠦ ᠪᠠᠷ ᠪᠣᠯᠵᠤ᠂ 5 ᠵᠢᠯ ᠣᠷᠴᠢᠮ ᠤᠨ ᠬᠤᠭᠤᠴᠠᠭᠠᠨ ᠳᠤ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠰᠤᠷᠭᠠᠭᠤᠯᠢ ᠶᠢᠨ ᠬᠦᠷᠢᠶᠡᠨ ᠳᠤ ᠣᠷᠣᠬᠤ︾ᠠᠵᠢᠯᠯᠠᠭ᠎ᠠ ᠶᠢ ᠪᠦᠭᠦ ᠣᠷᠣᠨ ᠤ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠂ ᠤᠷᠠᠨ ᠳᠠᠷᠬᠠᠨ ᠤ ᠳᠡᠭᠡᠳᠦ ᠰᠤᠷᠭᠠᠭᠤᠯᠢ ᠳᠤ ᠥᠷᠨᠢᠭᠦᠯᠦᠨ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠢ ᠪᠦᠭᠦᠨ ᠢ ᠬᠠᠮᠤᠷᠴᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠬᠥᠮᠥᠨ ᠢ ᠬᠥᠮᠥᠵᠢᠭᠦᠯᠬᠦ ᠦᠨ᠎ᠡ ᠦᠷᠳᠡᠭ ᠢ ᠭᠦᠢᠴᠡᠳ ᠪᠠᠳᠠᠷᠠᠭᠤᠯᠵᠤ᠂  ᠵᠠᠯᠠᠭᠤ ᠰᠤᠷᠤᠬᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠡᠶᠢᠲᠡᠯᠢᠭ ᠵᠢᠱᠢᠶ᠎ᠡ ᠠᠴᠠ ᠰᠤᠷᠤᠯᠴᠠᠭᠤᠯᠬᠤ᠂ ᠬᠤᠰᠢᠭᠤᠴᠢ ᠪᠤᠯᠬᠤ ᠪᠠᠷ ᠴᠢᠷᠮᠠᠶᠢᠬᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠶᠢ ᠡᠷᠭᠢᠮᠯᠡᠭᠦ ᠵᠡᠷᠭᠡ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ