ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/3/20
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ    ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                             ᠥᠪᠥᠷ ᠵᠠᠰᠠᠭ ᠠᠯᠪᠠᠨ ᠲᠠᠷᠬᠠᠭᠠᠭᠰᠠᠨ ﹇2023﹈ 55 ᠳ᠋ᠤᠭᠠᠷ ᠲᠣᠭᠠᠲᠤ       ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ        ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄       ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠠᠵᠤ ᠦᠢᠯᠡᠰ ᠤᠨ ᠲᠣᠮᠣ ᠣᠷᠣᠨ ᠠᠴᠠ ᠲᠥᠮᠥᠰᠥᠨ ᠤ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠲᠠᠪᠰᠢᠬᠤ ᠶᠢ ᠠᠬᠢᠭᠤᠯᠬᠤ ᠶᠢᠨ ᠲᠤᠰᠠᠳᠠ᠂ ︽ᠵᠠᠭᠤᠨ ᠳ᠋ᠦᠩᠰᠢᠭᠤᠷ ᠲᠡᠰ ᠤᠨ ᠲᠥᠮᠥᠰᠥᠨ ᠤ ᠠᠵᠤ ᠦᠢᠯᠡᠰ ᠤᠨ ᠬᠡᠪᠴᠢᠶ᠎ᠡ ᠶᠢ ᠨᠢ ᠥᠷᠭᠡᠳᠬᠡᠨ ᠴᠢᠨᠠᠷ ᠢ ᠨᠢ ᠲᠡᠬᠡᠭᠰᠢᠯᠡᠬᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠮᠥᠰᠥᠨ ᠤ ᠨᠢᠭᠡᠴᠢ ᠲᠠᠯᠠᠪᠠᠢ ᠶᠢᠨ ᠤᠨᠠᠯᠲᠠ ᠬᠠᠷᠢᠴᠠᠩᠭᠤᠢ ᠳᠣᠣᠷ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠲᠤᠷᠤᠢ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ᠂ ᠣᠳᠣᠬᠢᠴᠢᠯᠠᠭᠰᠠᠨ ᠬᠠᠳᠠᠭᠠᠯᠠᠬᠤ ᠪᠡᠯᠡᠳᠬᠡᠮᠵᠢ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ ᠪᠠ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠠᠨᠠᠢ ᠵᠡᠷᠭᠡ ᠠᠰᠠᠭᠤᠳᠠᠯ ᠳᠤ ᠬᠠᠨᠳᠤᠭᠤᠯᠵᠤ᠂ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ︽ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠦᠷ᠎ᠡ ᠶᠢᠨ ᠲᠥᠮᠥᠰᠥ ᠦᠷᠡᠵᠢᠭᠦᠯᠵᠦ ᠪᠤᠶᠢᠵᠢᠭᠤᠯᠬᠤ ᠠᠵᠤ ᠦᠢᠯᠡᠰ ᠤᠨ ᠬᠦᠴᠦᠷᠬᠡᠭᠵᠢᠬᠦ ᠳᠤ ᠳᠡᠮᠵᠢᠯᠭᠡ ᠦᠵᠡᠭᠦᠯᠦᠨ᠎ᠡ       ᠦᠷ᠎ᠡ ᠪᠤᠶᠢᠵᠢᠭᠤᠯᠬᠤ ᠲᠠᠯ᠎ᠠ ᠪᠠᠷ ᠬᠢ ᠰᠢᠨ᠎ᠡ ᠡᠭᠦᠳᠦᠯᠲᠡ ᠶᠢ ᠲᠡᠮᠵᠢᠵᠦ᠂ ᠲᠥᠮᠥᠰᠥᠨ ᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠲᠥᠮᠥᠰᠥᠨ ᠤ ᠦᠷ᠎ᠡ ᠪᠤᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ ᠰᠢᠪᠲᠤᠯᠬᠤ ᠳᠤ ᠳᠡᠮᠵᠢᠯᠭᠡ ᠦᠵᠡᠭᠦᠯᠵᠦ᠂ ᠬᠤᠯᠪᠤᠭᠠᠯᠠᠨ ᠪᠣᠭᠤᠮᠲᠠ ᠰᠢᠪᠲᠤᠯᠬᠤ ᠲᠥᠰᠥᠯ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠦᠷ᠎ᠡ ᠪᠤᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ ᠰᠢᠪᠲᠤᠯᠬᠤ ᠪᠦᠯᠭᠦᠮ ᠭᠠᠷᠭᠠᠵᠤ᠂ ᠲᠡᠷᠢᠭᠦᠨ ᠰᠢᠨᠵᠢᠯᠡᠬᠦ ᠤᠬᠠᠭᠠᠨᠲᠠᠨ ᠢ ᠰᠢᠯᠢᠨ ᠰᠣᠩᠭᠤᠵᠤ᠂ ᠥᠨᠳᠥᠷ ᠪᠦᠳᠦᠮᠵᠢᠳᠡᠢ ᠲᠠᠢ ᠪᠠᠷ ᠦᠷ᠎ᠡ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠭᠠᠩ ᠢ ᠳᠠᠭᠠᠭᠠᠬᠤ ᠰᠣᠷᠭᠤᠭ ᠢᠳᠡᠭᠡᠨ᠂ ᠡᠳ᠋ᠰᠢᠭᠦᠯᠦᠨ ᠪᠤᠯᠪᠠᠰᠤᠷᠠᠭᠤᠯᠬᠤ ᠳᠤ ᠲᠤᠰᠬᠠᠢ ᠬᠡᠷᠡᠭᠯᠡᠬᠦ ᠰᠢᠯᠢᠳᠡᠭ ᠡᠭᠦᠯᠳᠡᠷ ᠢ ᠪᠤᠶᠢᠵᠢᠭᠤᠯᠤᠨ᠎ᠠ᠃ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶ᠎ᠡ ᠪᠠᠷ ᠦᠷ᠎ᠡ ᠪᠤᠶᠢᠵᠢᠭᠤᠯᠤᠭᠰᠠᠨ ᠰᠢᠶᠠᠨ ᠳᠤ ᠱᠠᠩᠨᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ᠂ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠬᠠᠭᠤᠷᠠᠢ ᠲᠠᠷᠢᠶᠠᠯᠠᠬᠤ ᠭᠠᠵᠠᠷ ᠲᠤ ᠴᠢᠨᠠᠷ ᠰᠠᠶᠢᠲᠠᠢ ᠦᠷ᠎ᠡ ᠶᠢᠨ ᠲᠥᠮᠥᠰᠥ ᠲᠠᠷᠢᠬᠤ ᠶᠢ ᠵᠣᠷᠢᠭᠵᠢᠭᠤᠯᠤᠨ᠂ ᠰᠠᠭᠤᠷᠢᠨ ᠭᠠᠵᠠᠷ ᠤᠨ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠨᠢ ᠲᠡᠬᠡᠭᠰᠢᠯᠡᠬᠦᠯᠬᠦ ᠶᠢᠨ ᠬᠠᠮᠲᠤ ᠦᠷ᠎ᠡ ᠶᠢᠨ ᠲᠥᠮᠥᠰᠥᠨ ᠤ ᠶᠠᠰᠤ ᠴᠢᠨᠠᠷ ᠤᠨ ᠭᠡᠷᠡᠴᠢᠯᠡᠭᠡ ᠥᠷᠨᠢᠭᠦᠯᠬᠦ ᠶᠢ ᠲᠡᠮᠵᠢᠵᠦ᠂ ᠦᠷ᠎ᠡ ᠶᠢᠨ ᠲᠥᠮᠥᠰᠥᠨ ᠤ ᠴᠢᠨᠠᠷ ᠢ ᠨᠢ ᠲᠡᠬᠡᠭᠰᠢᠯᠡᠬᠦᠯᠦᠨ᠎ᠡ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠦᠷ᠎ᠡ ᠶᠢᠨ ᠲᠥᠮᠥᠰᠥᠨ ᠤ ᠡᠭᠦᠯᠳᠡᠷ ᠳᠡᠯᠭᠡᠷᠡᠭᠦᠯᠬᠦ ᠶᠢ ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠡᠭᠦᠯᠳᠡᠷ ᠢ ᠣᠷᠣᠨ ᠤ ᠳᠣᠲᠣᠷ᠎ᠠ ᠵᠢᠯ ᠳᠤ ᠳᠡᠯᠭᠡᠷᠡᠭᠦᠯᠦᠭᠰᠡᠨ ᠲᠠᠯᠠᠪᠠᠢ ᠨᠢ 10 ᠲᠦᠮᠡᠨ ᠮᠦ ᠠᠴᠠ ᠳᠡᠭᠡᠭᠰᠢ ᠪᠠᠶᠢᠪᠠᠯ᠂ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠱᠠᠩᠨᠠᠨ᠎ᠠ︔ ᠵᠢᠯ ᠳᠤ ᠳᠡᠯᠭᠡᠷᠡᠭᠦᠯᠦᠭᠰᠡᠨ ᠲᠠᠯᠠᠪᠠᠢ ᠨᠢ 30 ᠲᠦᠮᠡᠨ ᠮᠦ ᠠᠴᠠ ᠳᠡᠭᠡᠭᠰᠢ ᠪᠠᠶᠢᠪᠠᠯ᠂ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧ ᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ᠬᠤᠶᠠᠷ᠂ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠬᠦ ᠳᠤ ᠳᠡᠮᠵᠢᠯᠭᠡ ᠦᠵᠡᠭᠦᠯᠦᠨ᠎ᠡ       ᠲᠥᠮᠥᠰᠥ ᠦᠢᠯᠡᠳᠪᠦᠷᠢᠯᠡᠭᠴᠢ ᠳᠤ ᠨᠡᠮᠡᠭᠦᠷᠢ ᠥᠭᠬᠦ ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠬᠡᠪᠴᠢᠶᠡᠨ ᠳᠣᠲᠣᠷ᠎ᠠ᠂ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢ ᠳᠤ ᠬᠦᠷᠲᠡᠭᠡᠬᠦ ᠨᠡᠮᠡᠭᠦᠷᠢ ᠠᠴᠠ ᠬᠡᠰᠡᠭ ᠪᠡᠯᠡ ᠮᠥᠩᠭᠦ ᠲᠣᠬᠢᠷᠠᠭᠤᠯᠵᠤ᠂ ᠲᠥᠮᠥᠰᠥ ᠲᠠᠷᠢᠭᠴᠢ ᠳᠤ ᠨᠡᠮᠡᠭᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠥᠮᠥᠰᠥᠨ ᠤ ᠤᠨᠠᠯᠲᠠ ᠶᠢ ᠦᠢᠯᠡᠳᠪᠦᠷᠢᠯᠡᠭᠴᠢ ᠳᠤ ᠨᠡᠮᠡᠭᠦᠷᠢ ᠪᠡᠯᠡ ᠮᠥᠩᠭᠦ ᠬᠤᠪᠢᠶᠠᠷᠢᠯᠠᠬᠤ ᠶᠢᠨ ᠯᠠᠪᠯᠠᠬᠤ ᠬᠦᠴᠦᠨ ᠵᠦᠢᠯ ᠪᠣᠯᠭᠠᠵᠤ᠂ ᠡᠯ᠎ᠡ ᠭᠠᠵᠠᠷ ᠣᠷᠣᠨ ᠢ ᠬᠥᠲᠥᠯᠥᠨ ᠵᠢᠯᠤᠭᠤᠳᠴᠤ ᠪᠠᠶᠢᠭᠠᠳ ᠨᠡᠮᠡᠭᠦᠷᠢ ᠪᠡᠯᠡ ᠮᠥᠩᠭᠦ ᠶᠢ ᠨᠢᠭᠡᠴᠢ ᠲᠠᠯᠠᠪᠠᠢ ᠶᠢᠨ ᠤᠨᠠᠯᠲᠠ ᠪᠠᠨ ᠨᠡᠮᠡᠭᠳᠡᠭᠦᠯᠬᠦ ᠶᠢ ᠳᠡᠮᠵᠢᠬᠦ ᠳᠤ ᠨᠠᠩ ᠢᠯᠡᠭᠦᠦ ᠵᠠᠷᠤᠴᠠᠭᠤᠯᠤᠭᠤᠯᠬᠤ ᠶᠢᠨ ᠬᠠᠮᠲᠤ ᠳᠠᠪᠠᠭᠤᠯᠢᠭ ᠭᠤᠣᠯ ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠦᠨ᠎ᠡ᠃ ᠡᠭᠡᠯᠵᠢᠯᠡᠨ ᠲᠠᠷᠢᠵᠤ ᠭᠤᠤᠷᠰᠤ ᠰᠣᠯᠢᠬᠤ ᠶᠢ ᠳᠡᠮᠵᠢᠵᠦ᠂ 3 ᠵᠢᠯ ᠵᠢᠴᠢ ᠡᠭᠦᠨ ᠠᠴᠠ ᠢᠯᠡᠭᠦᠦ ᠡᠭᠡᠯᠵᠢᠯᠡᠨ ᠲᠠᠷᠢᠬᠤ ᠶᠢ ᠬᠡᠷᠡᠭᠵᠢᠭᠦᠯᠦᠨ᠂ ᠵᠠᠯᠭᠠᠭ᠎ᠠ ᠪᠠᠷ ᠳᠠᠷᠢᠬᠤ ᠰᠠᠭᠠᠳ ᠲᠣᠳᠬᠠᠷ ᠢ ᠰᠢᠢᠳᠪᠦᠷᠢᠯᠡᠵᠦ᠂ ᠬᠥᠷᠥᠰᠥ ᠰᠢᠷᠣᠢ ᠪᠠᠷ ᠳᠠᠮᠵᠢᠨ ᠬᠠᠯᠳᠠᠪᠤᠷᠢᠯᠠᠬᠤ ᠬᠤᠷᠣᠬᠠᠢ ᠭᠡᠮ ᠤᠨ ᠬᠥᠨᠥᠭᠡᠯ ᠢ ᠳᠠᠷᠤᠵᠤ ᠪᠠᠭᠠᠰᠬᠠᠨ᠂ ᠲᠥᠮᠥᠰᠥᠨ ᠤ ᠴᠢᠨᠠᠷ ᠪᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠦᠨ᠎ᠡ᠃ ᠲᠠᠷᠢᠶᠠᠯᠠᠬᠤ ᠭᠠᠵᠠᠷ ᠢ ᠡᠭᠡᠯᠵᠢᠯᠡᠨ ᠲᠠᠷᠢᠬᠤ ᠳᠤ ᠮᠦ ᠪᠦᠷᠢ ᠳᠤ 150 ᠲᠥᠭᠦᠷᠢᠭ ᠥᠭᠬᠦ ᠤᠯᠤᠰ ᠤᠨ ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠤᠯᠠᠭᠠᠨᠴᠠᠪ ᠬᠤᠲᠠ ᠵᠡᠷᠭᠡ ᠲᠥᠮᠥᠰᠥᠨ ᠤ ᠳᠠᠪᠠᠭᠤᠯᠢᠭ ᠭᠤᠣᠯ ᠭᠠᠷᠤᠯᠲᠠ ᠶᠢᠨ ᠣᠷᠣᠨ ᠤ ᠡᠭᠡᠯᠵᠢᠯᠡᠨ ᠳᠠᠷᠢᠬᠤ ᠳᠤ ᠨᠡᠮᠡᠭᠦᠷᠢ ᠥᠭᠬᠦ ᠲᠠᠯᠠᠪᠠᠶ ᠶᠢ 100 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠮᠵᠢᠵᠦ᠂ ᠵᠢᠵᠢᠭ ᠲᠠᠷᠢᠶᠠᠴᠢᠨ ᠡᠷᠦᠬᠡ ᠶᠢᠨ ᠲᠠᠷᠠᠬᠠᠢ ᠡᠵᠡᠩᠨᠡᠯᠲᠡ ᠶᠢ ᠬᠤᠪᠢᠷᠠᠭᠤᠯᠤᠨ᠂ ᠡᠯ᠎ᠡ ᠲᠥᠷᠥᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠵᠢᠵᠢᠭ ᠲᠠᠷᠢᠶᠠᠴᠢᠨ ᠡᠷᠦᠬᠡ ᠳᠤ ᠲᠥᠮᠥᠰᠥᠨ ᠲᠠᠷᠢᠶ᠎ᠡ ᠶᠢ ᠨᠢ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠬᠦ ᠶᠠᠪᠤᠴᠠ ᠳᠤ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠵᠦ᠂ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠶᠢ ᠠᠬᠢᠭᠤᠯᠤᠨ᠂ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠷᠴᠢᠮ ᠳᠡᠭᠡᠷ᠎ᠡ ᠪᠠᠨ ᠦᠢᠯᠡᠴᠢᠯᠡᠬᠦ ᠦᠨ᠎ᠡ ᠬᠠᠩᠰᠢ ᠳᠠᠬᠢ ᠡᠳ᠋ ᠤᠨ ᠵᠠᠰᠠᠭ ᠤᠨ ᠨᠥᠬᠦᠪᠦᠷᠢ ᠶᠢᠨ ᠡᠵᠡᠯᠡᠬᠦ ᠬᠠᠷᠢᠴᠠᠯ ᠢ 30% ᠠᠴᠠ ᠬᠡᠲᠦᠷᠡᠭᠦᠯᠬᠦ ᠦᠭᠡᠢ ᠪᠠᠶᠢᠯᠭᠠᠨ᠂ ᠨᠢᠭᠡ ᠬᠤᠷᠢᠶᠡᠯᠳᠡᠳᠦ ᠲᠠᠷᠢᠮᠠᠯ ᠤᠨ ᠮᠦ ᠳᠤᠮᠳᠠᠴᠢ ᠶᠢᠨ ᠨᠥᠬᠦᠪᠦᠷᠢ ᠶᠢᠨ ᠶᠡᠷᠦᠩᠬᠡᠢ ᠲᠤᠭ᠎ᠠ ᠶᠢ 100 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠯᠭᠠᠵᠤ᠂ ᠵᠢᠯ ᠤᠨ ᠦᠢᠯᠡᠴᠢᠯᠡᠬᠦ ᠲᠠᠯᠠᠪᠠᠶ ᠶᠢ 100 ᠲᠦᠮᠡᠨ ᠮᠦ ᠤᠳᠠᠭ᠎ᠠ ᠠᠴᠠ ᠳᠣᠣᠷᠠᠳᠠᠭᠤᠯᠬᠤ ᠦᠭᠡᠢ ᠪᠠᠶᠢᠯᠭᠠᠨ᠎ᠠ᠃ ᠲᠥᠮᠥᠰᠥᠨ ᠤ ᠥᠨᠳᠥᠷ ᠤᠨᠠᠯᠲᠠᠲᠤ ᠥᠨᠳᠥᠷ ᠦᠷ᠎ᠡ ᠠᠰᠢᠭᠲᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠲᠥᠮᠥᠰᠥᠨ ᠤ ᠭᠤᠣᠯ ᠭᠠᠷᠤᠯᠲᠠ ᠶᠢᠨ ᠠᠶᠢᠮᠠᠭ ᠬᠤᠲᠠ ᠶᠢᠨ ᠭᠤᠣᠯᠳᠠᠯᠭ᠎ᠠ ᠪᠣᠯᠬᠤ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠭᠤᠣᠯᠯᠠᠵᠤ᠂ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠦ ᠲᠠᠷᠢᠵᠦ ᠤᠷᠭᠤᠭᠤᠯᠬᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠷᠳᠣᠭᠤᠷ ᠲᠠᠷᠢᠶᠠᠨ ᠡᠮ ᠤᠰᠤ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠬᠢᠵᠠᠭᠠᠷᠯᠠᠵᠤ᠂ ᠬᠠᠭᠤᠷᠠᠢ ᠲᠠᠷᠢᠶᠠᠯᠠᠬᠤ ᠭᠠᠵᠠᠷ ᠲᠤ ᠴᠢᠨᠠᠷ ᠰᠠᠶᠢᠲᠠᠢ ᠲᠥᠮᠥᠰᠥ ᠳᠠᠷᠢᠬᠤ ᠶᠢ ᠳᠡᠮᠵᠢᠨ᠂ ᠤᠨᠠᠯᠲᠠ ᠪᠠᠨ ᠨᠡᠮᠡᠭᠳᠡᠭᠦᠯᠦᠨ ᠦᠷ᠎ᠡ ᠠᠰᠢᠭ ᠢᠶᠠᠨ ᠲᠡᠬᠡᠭᠰᠢᠯᠡᠬᠦᠯᠬᠦ ᠲᠡᠶᠢᠰᠢ ᠳᠠᠶᠢᠴᠢᠯᠠᠨ᠎ᠠ᠃ ᠡᠳ᠋ᠰᠢᠭᠦᠯᠦᠨ ᠪᠤᠯᠪᠠᠰᠤᠷᠠᠭᠤᠯᠬᠤ ᠵᠠᠬᠢᠶᠠᠯᠠᠭ᠎ᠠ ᠳᠤ ᠨᠡᠮᠡᠭᠦᠷᠢ ᠥᠭᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠣᠷᠣᠨ ᠤ ᠳᠣᠲᠣᠷᠠᠬᠢ ᠲᠠᠷᠢᠮᠠᠯ ᠤᠨ ᠡᠷᠦᠬᠡ ᠯᠦᠭᠡ ᠲᠣᠭᠲᠠᠪᠤᠷᠢᠲᠠᠢ ᠠᠰᠢᠭ ᠲᠤᠰᠠ ᠶᠢᠨ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠭᠰᠠᠨ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦ ᠪᠦᠬᠦᠢ ᠵᠠᠬᠢᠶᠠᠯᠠᠭ᠎ᠠ ᠲᠣᠭᠲᠠᠭᠰᠠᠨ ᠪᠠᠶᠢᠪᠠᠯ᠂ ᠬᠤᠳᠠᠯᠳᠤᠨ ᠠᠪᠬᠤ ᠭᠤᠣᠯ ᠴᠣᠭᠴᠠ ᠳᠤ 20 ᠲᠥᠭᠦᠷᠢᠭ / ᠲᠣᠨ ᠤ ᠨᠡᠮᠡᠭᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ᠭᠤᠷᠪᠠ᠂ ᠭᠠᠷᠤᠯᠲᠠ ᠶᠢᠨ ᠣᠷᠣᠨ ᠳᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠪᠠᠶᠢᠭᠤᠯᠬᠤ ᠶᠢ ᠲᠡᠳᠬᠦᠨ᠎ᠡ       ᠲᠠᠷᠢᠶᠠᠴᠢᠨ ᠤ ᠬᠤᠷᠰᠢᠶ᠎ᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠥᠮᠥᠰᠥ ᠲᠠᠷᠢᠬᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠵᠦ᠂ ᠰᠠᠯᠬᠢ ᠨᠡᠪᠲᠡᠷᠡᠭᠦᠯᠬᠦ ᠬᠠᠳᠠᠭᠠᠯᠠᠯᠲᠠ ᠶᠢᠨ ᠬᠥᠮᠥᠷᠭᠡ᠂ ᠮᠧ ‍ᠬᠠᠨᠢᠭ ᠬᠦᠢᠲᠡᠨ ᠬᠥᠮᠥᠷᠭᠡ᠂ ᠬᠡᠢ ᠠᠭᠠᠷ ᠲᠣᠬᠢᠷᠠᠭᠤᠯᠬᠤ ᠬᠠᠳᠠᠭᠠᠯᠠᠯᠲᠠ ᠶᠢᠨ ᠬᠥᠮᠥᠷᠭᠡ᠂ ᠤᠷᠢᠳᠴᠢᠯᠠᠨ ᠬᠥᠷᠥᠭᠡᠵᠦ ᠬᠥᠯᠳᠡᠭᠡᠬᠦ ᠵᠢᠴᠢ ᠲᠥᠬᠦᠷ ᠭᠠᠷᠤᠯᠲᠠ ᠶᠢᠨ ᠣᠷᠣᠨ ᠳᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠵᠡᠷᠭᠡ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠵᠦᠢ ᠵᠣᠬᠢᠰᠲᠠᠢ ᠪᠠᠶᠢᠭᠤᠯᠵᠤ᠂ ᠦᠷ᠎ᠡ ᠶᠢᠨ ᠲᠥᠮᠥᠰᠥ ᠪᠠ ᠲᠠᠸᠠᠷ ᠤᠨ ᠲᠥᠮᠥᠰᠥ ᠶᠢ ᠴᠢᠨᠠᠷ ᠰᠠᠶᠢᠲᠠᠢ ᠬᠠᠳᠠᠭᠠᠯᠠᠬᠤ ᠶᠢ ᠨᠢ ᠪᠠᠲᠤᠯᠠᠨ᠎ᠠ᠃ ᠭᠠᠷᠤᠯᠲᠠ ᠶᠢᠨ ᠣᠷᠣᠨ ᠤ ᠲᠠᠷᠢᠮᠠᠯ ᠲᠠᠷᠢᠨᠨᠴᠢᠳ ᠥᠪᠡᠰᠦᠪᠡᠨ ᠬᠡᠷᠡᠭᠯᠡᠬᠦ ᠲᠥᠮᠥᠰᠥᠨ ᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠪᠡᠯᠡᠳᠭᠡᠮᠵᠢᠳᠤ ᠲᠠᠷᠢᠶᠠᠯᠠᠩ ᠤᠨ ᠳᠠᠭᠠᠯᠲᠠ ᠪᠡᠯᠡᠳᠬᠡᠮᠵᠢ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠪᠠᠷ ᠬᠠᠮᠢᠶᠠᠷᠴᠤ᠂ ᠱᠠᠭᠠᠷᠳᠠᠯᠭ᠎ᠠ ᠶᠣᠰᠣᠭᠠᠷ ᠪᠦᠷᠢᠳᠬᠡᠨ ᠲᠠᠩᠰᠠᠯᠠᠵᠦ ᠬᠠᠮᠢᠶᠠᠷᠤᠨ᠎ᠠ︔ ᠡᠵᠡᠩᠨᠡᠯᠲᠡ ᠶᠢᠨ ᠴᠢᠨᠠᠷᠲᠠᠢ ᠲᠥᠮᠥᠰᠥᠨ ᠤ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠣᠳᠣᠬᠢᠴᠢᠯᠠᠭᠰᠠᠨ ᠪᠡᠯᠡᠳᠬᠡᠮᠵᠢ ᠶᠢ ᠪᠠᠶᠢᠭᠤᠯᠤᠭᠰᠠᠨ ᠪᠠᠶᠢᠪᠠᠯ᠂ ᠡᠩ ᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠳᠤ ᠨᠢ ᠲᠠᠷᠢᠶᠠᠯᠠᠬᠤ ᠭᠠᠵᠠᠷ ᠤᠨ ︽ᠨᠡᠮᠡᠭᠳᠡᠯ ᠬᠠᠰᠤᠭᠳᠠᠯ ᠢ ᠲᠡᠩᠴᠡᠭᠦᠷᠢᠲᠡᠢ ᠪᠠᠶᠢᠯᠭᠠᠬᠤ︾ ᠪᠣᠳᠣᠯᠭ᠎ᠠ ᠶᠢ ᠤᠷᠢᠳ ᠢᠶᠠᠷ ᠲᠣᠬᠢᠷᠠᠭᠤᠯᠤᠨ ᠨᠠᠶᠢᠳᠠᠪᠤᠷᠢᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠯᠤᠭ᠎ᠠ ᠵᠣᠯᠭᠠᠯᠳᠤᠭᠤᠯᠤᠭᠰᠠᠨ ᠨᠥᠬᠦᠪᠦᠷᠢ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ ᠪᠠᠶᠢᠭᠠᠳ ᠲᠥᠮᠥᠰᠥᠨ ᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢ ᠪᠡᠯᠡᠳᠬᠡᠮᠵᠢ ᠪᠠᠶᠢᠭᠤᠯᠬᠤ ᠶᠢ ᠲᠡᠮᠵᠢᠵᠦ᠂ ᠤᠷᠢᠳ ᠢᠶᠠᠷ ᠪᠠᠶᠢᠭᠤᠯᠵᠤ ᠲᠠᠷᠠᠭ᠎ᠠ ᠳᠤ ᠨᠢ ᠨᠥᠬᠦᠪᠦᠷᠢᠯᠡᠬᠦ ᠠᠷᠭ᠎ᠠ ᠮᠠᠶ᠋ᠢᠭ ᠢ ᠬᠡᠷᠡᠭᠯᠡᠨ᠂ ᠵᠢᠯ ᠪᠦᠷᠢ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠣᠯᠬᠤᠶᠢᠴᠠ ᠨᠡᠮᠡᠭᠦᠷᠢ ᠬᠦᠷᠲᠡᠭᠡᠬᠦ ᠰᠢᠯᠢᠳᠡᠭ ᠡᠲᠡᠭᠡᠳ ᠢ ᠰᠣᠩᠭᠤᠨ ᠲᠣᠭᠲᠠᠭᠠᠵᠤ᠂ ᠭᠠᠷᠤᠯᠲᠠ ᠶᠢᠨ ᠣᠷᠣᠨ ᠤ ᠲᠠᠷᠢᠮᠠᠯ ᠲᠠᠷᠢᠨᠨᠴᠢᠳ ᠬᠥᠮᠥᠷᠭᠡ ᠶᠢᠨ ᠪᠠᠭᠲᠠᠭᠠᠮᠵᠢ ᠨᠢ 2000 ᠲᠣᠨ ᠠᠴᠠ ᠳᠡᠭᠡᠭᠰᠢᠬᠢ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ︵ᠬᠦᠢᠲᠡᠨ ᠬᠠᠳᠠᠭᠠᠯᠠᠯᠲᠠ ᠶᠢᠨ ᠲᠤᠨᠤᠭ ᠲᠥᠬᠦᠭᠡᠷᠦᠮᠵᠢ ᠤᠭᠰᠠᠷᠠᠭᠰᠠᠨ ᠦᠭᠡᠢ ᠡᠩ ᠤᠨ ᠬᠠᠳᠠᠭᠠᠯᠠᠬᠤ ᠬᠥᠮᠥᠷᠭᠡ ᠶᠢ ᠥᠭᠡᠷᠡᠴᠢᠯᠡᠨ ᠰᠢᠨᠡᠳᠬᠡᠬᠦ ᠶᠢ ᠵᠢᠭᠠᠨ᠎ᠠ︶ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠪᠦᠭᠦ ᠦᠢᠯᠡᠳᠦᠭᠰᠡᠨ ᠦᠨ᠎ᠡ ᠶᠢᠨ 30%᠂ ᠲᠠᠩ ᠴᠣᠭᠴᠠᠲᠤ ᠪᠡᠯᠡᠳᠬᠡᠮᠵᠢ ᠳᠤ ᠬᠠᠮᠤᠭ ᠤᠨ ᠠᠷᠪᠢᠨ ᠳᠤ ᠪᠠᠨ 100 ᠲᠦᠮᠡᠨ ᠲᠥᠭᠦᠷᠢᠭ ᠤᠨ ᠶᠣᠰᠣᠭᠠᠷ ᠨᠡᠮᠡᠭᠦᠷᠢ ᠣᠯᠭᠤᠨ᠎ᠠ᠂ ᠥᠪᠡᠷᠲᠡᠭᠡᠨ ᠵᠠᠰᠠᠬᠤ ᠣᠷᠣᠨ ᠠᠴᠠ ᠨᠡᠮᠡᠭᠦᠷᠢ ᠣᠯᠭᠤᠭᠰᠠᠨ ᠰᠠᠭᠤᠷᠢᠨ ᠳᠡᠭᠡᠷ᠎ᠡ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠠᠴᠠ ᠵᠣᠬᠢᠮᠵᠢᠲᠠᠢ ᠪᠠᠷ ᠲᠠᠬᠢᠵᠦ ᠨᠡᠮᠡᠭᠦᠷᠢ ᠣᠯᠭᠤᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ᠳᠥᠷᠪᠡ᠂ ᠲᠥᠮᠥᠰᠥᠨ ᠤ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ        ᠲᠥᠮᠥᠰᠥᠨ ᠤ ᠠᠵᠤ ᠦᠢᠯᠡᠰ ᠤᠨ ᠨᠡᠷᠡᠳᠦ ᠲᠡᠮᠳᠡᠭ ᠢ ᠬᠥᠮᠥᠵᠢᠭᠦᠯᠦᠨ ᠪᠤᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠬᠢᠬᠦ ᠶᠢ ᠲᠡᠮᠵᠢᠵᠦ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠬᠢᠷᠢ ᠲᠦᠪᠰᠢᠨ ᠢᠶᠠᠨ ᠳᠡᠬᠡᠭᠰᠢᠯᠡᠬᠦᠯᠬᠦ ᠶᠢ ᠨᠢ ᠵᠣᠷᠢᠭᠵᠢᠭᠤᠯᠤᠨ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠢᠶᠠᠷ ᠬᠥᠲᠥᠯᠥᠨ ᠳᠠᠭᠠᠭᠤᠯᠵᠤ ᠪᠠᠶᠢᠭᠠᠳ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠡᠷᠡᠳᠦ ᠲᠡᠮᠳᠡᠭ᠂ ᠨᠢᠭᠡᠳᠦᠯᠲᠡᠢ ᠪᠣᠭᠤᠳᠠᠯ ᠪᠠᠭᠯᠠᠭ᠎ᠠ᠂ ᠨᠢᠭᠡᠳᠦᠯᠲᠡᠢ ᠰᠤᠷᠲᠠᠯ ᠤᠬᠠᠭᠤᠯᠭ᠎ᠠ᠂ ᠨᠢᠭᠡᠳᠦᠯᠲᠡᠢ ᠡᠵᠡᠩᠨᠡᠯᠲᠡ ᠪᠣᠷᠤᠯᠠᠭᠤᠯᠭ᠎ᠠ ᠪᠠᠷ ᠥᠪᠥᠷ ᠮᠣᠩᠭᠤᠯ ᠤᠨ ᠲᠥᠮᠥᠰᠥᠨ ᠤ ᠣᠷᠣᠨ ᠪᠦᠰᠡ ᠶᠢᠨ ᠨᠡᠷᠡᠲᠦ ᠲᠡᠮᠳᠡᠭ ᠢ ᠴᠣᠭᠴᠠᠯᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠠᠬᠢᠭᠤᠯᠵᠤ᠂ ︽ᠥᠪᠥᠷ ᠮᠣᠩᠭᠤᠯ︾ ᠨᠡᠷᠡᠮᠵᠢᠳᠦ ᠲᠡᠮᠳᠡᠭ ᠤᠨ ᠭᠡᠷᠡᠴᠢᠯᠡᠯ ᠢ ᠣᠯᠣᠭᠰᠠᠨ ᠠᠵᠤ ᠠᠬᠤᠶᠢᠯᠠᠯ ᠳᠤ ᠰᠢᠯᠭᠠᠨ ᠪᠠᠶᠢᠴᠠᠭᠠᠵᠤ ᠬᠡᠮᠵᠢᠨ ᠪᠠᠶᠢᠴᠠᠭᠠᠬᠤ᠂ ᠭᠡᠷᠡᠴᠢᠯᠡᠭᠡ ᠬᠢᠬᠦ ᠵᠡᠷᠭᠡ ᠵᠠᠷᠤᠳᠠᠯ ᠤᠨ ᠲᠠᠯ᠎ᠠ ᠳᠤ 5 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ᠲᠠᠪᠤ᠂ ᠲᠥᠮᠥᠰᠥᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ        ᠲᠥᠮᠥᠰᠥᠨ ᠤ ᠲᠠᠯ᠎ᠠ ᠪᠠᠷ ᠬᠢ ᠡᠳ᠋ᠰᠢᠭᠦᠯᠦᠨ ᠪᠤᠯᠪᠠᠰᠤᠷᠠᠭᠤᠯᠬᠤ ᠪᠦᠲᠦᠭᠡᠭᠳᠡᠬᠦᠨ ᠰᠤᠳᠤᠯᠤᠨ ᠨᠡᠭᠡᠭᠡᠬᠦ ᠶᠢ ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠥᠩᠭᠦ ᠵᠡᠷᠭᠡ ᠳᠤ ᠲᠦᠰᠢᠭᠯᠡᠨ᠂ ᠠᠵᠤ ᠠᠬᠤᠶᠢᠯᠠᠯ ᠤᠨ ᠬᠢᠨ ᠤ ᠴᠠᠷᠳᠠᠭᠤᠯ ᠤᠨ ᠰᠤᠩᠭᠠᠯ ᠬᠦᠷᠢᠶ᠎ᠡ ᠴᠠᠷᠠᠭ᠎ᠠ ᠵᠡᠷᠭᠡ ᠳᠠᠬᠢ ᠨᠠᠷᠢᠯᠢᠭ ᠭᠦᠨ ᠡᠳ᠋ᠰᠢᠭᠦᠯᠦᠭᠰᠡᠨ ᠪᠦᠲᠦᠭᠡᠭᠳᠡᠬᠦᠨ᠂ ᠲᠥᠮᠥᠰᠥ ᠶᠢ ᠦᠬᠡᠷ ᠬᠤᠨᠢᠨ ᠮᠢᠬ᠎ᠠ ᠪᠠ ᠨᠣᠬᠠᠢ ᠶᠢᠨ ᠬᠤᠰᠢᠭᠤ ᠵᠡᠷᠭᠡ ᠢᠳᠡᠭᠡᠨ ᠲᠠᠢ ᠲᠣᠬᠢᠷᠠᠭᠤᠯᠤᠨ ᠲᠡᠩᠨᠡᠭᠦᠯᠵᠦ ᠤᠷᠢᠳᠴᠢᠯᠠᠨ ᠬᠢᠭᠰᠡᠨ ᠵᠠᠭᠤᠰᠢ᠂ ᠰᠤᠯᠠ ᠢᠳᠡᠭᠡᠨ ᠵᠡᠷᠭᠡ ᠶᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠬᠤ ᠶᠢ ᠭᠤᠣᠯᠳᠠᠯᠭ᠎ᠠ ᠲᠠᠢ ᠳᠡᠮᠵᠢᠨ᠎ᠠ᠃ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠥᠮᠥᠰᠥ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠤᠷᠢᠳ ᠢᠶᠠᠷ ᠲᠡᠮᠵᠢᠵᠦ᠂ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠠᠮᠲᠤᠷᠠᠨ ᠲᠥᠮᠥᠰᠥ ᠬᠤᠷᠢᠶᠠᠬᠤ ᠪᠠ ᠲᠡᠭᠦᠵᠦ ᠣᠭᠤᠳᠠᠯᠯᠠᠬᠤ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠵᠡᠷᠭᠡ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠲᠡᠮᠵᠢᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠲᠠᠷᠢᠶᠠᠯᠠᠩ ᠳᠤ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠵᠡᠷᠭᠡ ᠶᠢᠨ ᠲᠥᠮᠥᠰᠥᠨ ᠤ ᠪᠥᠬᠦ ᠬᠡᠯᠬᠢᠶ᠎ᠡ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠥᠷᠥ ᠶᠢᠨ ᠪᠣᠳᠣᠯᠭ᠎ᠠ ᠪᠠᠷ ᠲᠡᠳᠬᠦᠬᠦ᠂ ᠰᠤᠳᠤᠯᠤᠨ ᠨᠡᠭᠡᠭᠡᠬᠦ ᠨᠥᠬᠦᠴᠡᠯ ᠢ ᠳᠡᠭᠡᠭᠰᠢᠯᠡᠭᠦᠯᠬᠦ ᠵᠡᠷᠭᠡ ᠲᠠᠯ᠎ᠠ ᠳᠤ ᠬᠡᠯᠪᠠᠶᠢᠯᠳᠡ ᠲᠠᠢ ᠪᠠᠶᠢᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ᠵᠢᠷᠭᠤᠭ᠎ᠠ᠂ ᠪᠦᠭᠦ ᠠᠵᠤ ᠦᠢᠯᠡᠰ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ       ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠭᠠᠷᠭᠠᠬᠤ ᠶᠢ ᠲᠡᠮᠵᠢᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠮᠥᠰᠥ ᠵᠢᠴᠢ ᠦᠷ᠎ᠡ ᠶᠢᠨ ᠲᠥᠮᠥᠰᠥ ᠶᠢ ᠦᠢᠯᠡᠳᠪᠦᠷᠢᠯᠡᠨ ᠪᠣᠷᠣᠯᠠᠭᠤᠯᠬᠤ ᠦᠶᠡᠯᠡᠯ ᠤᠨ ᠣᠨᠴᠠᠯᠢᠭ ᠢ ᠦᠨᠳᠦᠰᠦᠯᠡᠨ᠂ ᠨᠢᠭᠡ ᠤᠳᠠᠭ᠎ᠠ ᠳᠤ ᠢᠲᠡᠭᠡᠮᠵᠢ ᠣᠯᠭᠤᠬᠤ᠂ ᠠᠪᠤᠨ ᠵᠢᠭᠡᠯᠡᠵᠦ ᠪᠤᠴᠠᠭᠠᠬᠤ᠂ ᠡᠷᠭᠢᠯᠳᠦᠭᠦᠯᠦᠨ ᠬᠡᠷᠡᠭᠯᠡᠵᠦ ᠪᠣᠯᠬᠤ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠳᠡᠯᠭᠡᠷᠡᠭᠦᠯᠵᠦ᠂ ᠦᠷ᠎ᠡ ᠶᠢᠨ ᠲᠥᠮᠥᠰᠥᠨ ᠤ ᠠᠵᠤ ᠠᠬᠤᠶᠢᠯᠠᠯ᠂ ᠲᠠᠷᠢᠮᠠᠯ ᠤᠨ ᠲᠣᠮᠣ ᠡᠷᠦᠬᠡ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠬᠡᠷᠡᠭᠯᠡᠵᠦ ᠪᠠᠶᠢᠭᠠᠳ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠪᠠᠨ ᠠᠬᠢᠭᠤᠯᠬᠤ ᠶᠢ ᠳᠡᠮᠵᠢᠨ᠎ᠡ᠃ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠢᠲᠡᠭᠡᠮᠵᠢ ᠶᠢ ᠨᠡᠮᠡᠭᠳᠡᠭᠦᠯᠬᠦ ᠶᠢᠨ ᠳᠡᠮᠵᠢᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠺᠣᠮᠫᠠᠨᠢ ᠵᠡᠷᠭᠡ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠭᠰᠡᠨ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ ᠪᠠ ᠦᠢᠯᠡᠳᠪᠦᠷᠢᠯᠡᠯ ᠢᠶᠠᠨ ᠥᠷᠭᠡᠳᠬᠡᠬᠦ᠂ ᠣᠷᠣᠭᠤᠯᠤᠨ ᠠᠪᠴᠢᠷᠠᠭᠰᠠᠨ ᠲᠥᠮᠥᠰᠥᠨ ᠤ ᠲᠡᠷᠢᠭᠦᠨ ᠤ ᠮᠠᠰᠢᠨ ᠮᠧᠬᠠᠨᠢᠭ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠲᠠᠷᠢᠮᠠᠯ ᠤᠨ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠬᠤᠷᠰᠢᠶ᠎ᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠵᠢᠭᠡᠯᠡᠯᠭᠡ ᠶᠢᠨ ᠳᠠᠭᠠᠭᠠᠯᠲᠠ ᠬᠠᠩᠭᠠᠬᠤ ᠶᠢ ᠲᠡᠮᠵᠢᠵᠦ᠂ ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠎ᠠ᠃ ᠡᠭᠦᠨ ᠤ ᠬᠠᠮᠲᠤ᠂ ᠡᠯ᠎ᠡ ᠭᠠᠵᠠᠷ ᠣᠷᠣᠨ ᠤ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠤᠨ᠂ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ ᠲᠡᠭᠦᠨ ᠳᠤ ᠵᠢᠭᠡᠯᠡᠯᠭᠡ ᠶᠢᠨ ᠳᠠᠭᠠᠭᠠᠯᠲᠠ ᠬᠠᠩᠭᠠᠬᠤ ᠶᠢ ᠵᠣᠷᠢᠭᠵᠢᠭᠤᠯᠤᠨ᠎ᠠ᠃ ᠬᠤᠭᠤᠴᠠᠭᠠᠲᠤ ᠪᠠᠷᠠᠭ᠎ᠠ ᠶᠢ ᠵᠠᠬ᠎ᠠ ᠳᠤ ᠭᠠᠷᠭᠠᠨ ᠠᠷᠠᠯᠵᠢᠶᠠᠯᠠᠬᠤ ᠶᠢ ᠠᠬᠢᠭᠤᠯᠵᠤ᠂ ᠲᠥᠮᠥᠰᠥᠨ ᠤ ᠪᠡᠯᠡᠨ ᠪᠠᠷᠠᠭᠠᠨ ᠤ ᠰᠠᠭᠤᠷᠢ ᠨᠥᠬᠦᠴᠡᠯ ᠢ ᠰᠠᠶᠢᠵᠢᠷᠠᠭᠤᠯᠤᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠪᠤᠶᠢᠵᠢᠭᠤᠯᠵᠤ᠂ ᠪᠡᠯᠡᠨ ᠪᠠᠷᠠᠭᠠᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠥᠮᠥᠰᠥᠨ ᠤ ᠬᠤᠭᠤᠴᠠᠭᠠᠲᠤ ᠪᠠᠷᠠᠭ᠎ᠠ ᠶᠢ ᠵᠠᠬ᠎ᠠ ᠳᠤ ᠭᠠᠷᠭᠠᠨ ᠠᠷᠠᠯᠵᠢᠶᠠᠯᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ᠳᠡᠭᠡᠷ᠎ᠡ ᠳᠤᠷᠠᠳᠤᠭᠰᠠᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠬᠤᠭᠤᠴᠠᠭ᠎ᠠ ᠶᠢ 2023 ᠣᠨ ᠠᠴᠠ 2025 ᠣᠨ ᠬᠡᠮᠡᠨ ᠲᠦᠷ ᠲᠣᠭᠲᠠᠭᠠᠵᠤ᠂ ᠬᠡᠷᠡᠭᠵᠢᠭᠦᠯᠦᠯᠲᠡ ᠶᠢᠨ ᠪᠠᠶᠢᠳᠠᠯ ᠢ ᠦᠨᠳᠦᠰᠦᠯᠡᠵᠦ ᠲᠣᠬᠢᠷᠠᠭᠤᠯᠤᠯᠲᠠ ᠬᠢᠨ᠎ᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠡᠮᠵᠢᠯᠭᠡ ᠶᠢ ᠰᠢᠨ᠎ᠡ ᠪᠠᠷ ᠨᠡᠮᠡᠭᠳᠡᠭᠦᠯᠬᠦ ᠪᠤᠶᠤ ᠲᠡᠭᠦᠨ ᠳᠤ ᠲᠣᠬᠢᠷᠠᠭᠤᠯᠤᠯᠲᠠ ᠬᠢᠬᠦ ᠲᠠᠢ ᠬᠤᠯᠪᠣᠭᠳᠠᠪᠠᠯ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠨᠢᠭᠡᠴᠢ ᠨᠢ ᠪᠡᠯᠡ ᠮᠥᠩᠭᠦᠨ ᠤ ᠬᠠᠮᠢᠶᠠᠷᠤᠯᠲᠠ ᠪᠠ ᠠᠵᠢᠯ ᠤᠨ ᠦᠷ᠎ᠡ ᠪᠦᠳᠦᠮᠵᠢ ᠶᠢ ᠰᠢᠯᠭᠠᠨ ᠬᠢᠨᠠᠬᠤ ᠠᠷᠭ᠎ᠠ ᠳᠤ ᠪᠠᠨ ᠵᠣᠬᠢᠬᠤ ᠲᠣᠬᠢᠷᠠᠭᠤᠯᠤᠯᠲᠠ ᠬᠢᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠶᠢᠵᠢᠨ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠨᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠦᠷ᠎ᠡ ᠪᠦᠳᠦᠮᠵᠢ ᠶᠢ ᠴᠠᠭ ᠲᠤᠬᠠᠢ ᠳᠤ ᠨᠢ ᠳ᠋ᠦᠩᠨᠡᠵᠦ᠂ ᠪᠠᠶᠢᠳᠠᠯ ᠢᠶᠠᠨ ᠦᠨᠳᠦᠰᠦᠯᠡᠨ ᠲᠦᠷᠦ ᠶᠢᠨ ᠪᠣᠳᠣᠯᠭ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠤᠨ᠂ ᠳᠡᠮᠵᠢᠯᠭᠡ ᠶᠢᠨ ᠠᠷᠭ᠎ᠠ ᠬᠡᠮᠵᠢᠶ᠎ᠡ ᠶᠢᠨ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠬᠦ ᠬᠡᠷᠡᠭᠲᠡᠢ᠃                                                      2023 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ