ᠴᠤᠭᠯᠠᠷᠠᠬᠤ ᠪᠦᠷᠢᠶ᠎ᠡ ᠶᠢ ᠬᠦᠴᠦᠯᠡᠨ ᠬᠠᠩᠭᠢᠨᠠᠭᠤᠯᠵᠤ ᠶᠡᠭᠡ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ ᠰᠦᠨ ᠱᠤᠤ ᠴᠧᠩ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ 12 ᠠᠶᠢᠮᠠᠭ ᠬᠤᠳᠠ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠢ ᠡᠬᠢᠯᠡᠭᠦᠯᠬᠦ ᠶᠢ ᠱᠠᠯᠠᠪᠳᠠᠭᠤᠯᠤᠨ ᠵᠢᠯᠣᠭᠤᠳᠴᠠᠢ
ᠨᠡᠶᠢᠲᠡᠯᠡᠭᠰᠡᠨ ᠴᠠᠭ᠄
2024/3/25
       ᠤᠷᠢᠬᠠᠨ ᠬᠠᠪᠤᠷ ᠰᠠᠭᠠᠲᠠᠬᠤᠶ᠎ᠠ᠂ ᠬᠡᠩᠭᠡᠷᠭᠡ ᠳᠡᠯᠡᠳᠴᠦ ᠠᠶᠠᠨ ᠢᠶᠠᠨ ᠡᠬᠢᠯᠡᠭᠦᠯᠪᠡ᠃ 3 ᠰᠠᠷ᠎ᠠ ᠶᠢᠨ 13 ᠠᠴᠠ 20 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠤᠷᠢᠳ ᠬᠤᠵᠢᠳ 12 ᠠᠶᠢᠮᠠᠭ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠤᠬᠠᠢ ᠶᠢᠨ ᠲᠠᠯᠠᠪᠠᠶ ᠳᠤ ᠭᠦᠨᠵᠡᠭᠡᠶᠢᠷᠡᠵᠦ᠂ ᠡᠮᠦᠨ᠎ᠡ ᠹᠷᠤᠨᠲ ᠲᠤ ᠭᠦᠨᠵᠡᠭᠡᠶᠢᠷᠡᠨ ᠵᠢᠯᠤᠭᠤᠳᠴᠤ᠂ ᠳᠠᠶᠢᠯᠠᠯᠳᠤᠭᠠᠨ ᠢ ᠱᠠᠯᠠᠪᠳᠠᠭᠤᠯᠤᠨ ᠵᠢᠯᠣᠭᠤᠳᠪᠠ᠃ ᠡᠨᠡ ᠪᠣᠯ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃
20240322-1.jpg    
              3 ᠰᠠᠷ᠎ᠠ ᠶᠢᠨ 14 ᠤ ᠡᠳᠦᠷ᠂ ᠣᠷᠳᠣᠰ ᠬᠤᠲᠠ ᠶᠢᠨ ᠲᠠᠯᠠᠳ ᠬᠤᠰᠢᠭᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠡᠬᠢᠯᠡᠬᠦ ᠲᠤᠬᠠᠢ ᠶᠢᠨ ᠲᠠᠯᠠᠪᠠᠢ ᠪᠣᠯᠣᠨ᠎ᠠ᠃ ᠵᠢᠷᠤᠭ ᠪᠣᠯ ᠠᠬᠤᠢ ᠲᠠᠯᠠᠪᠠᠢ ᠳᠤ ᠬᠡᠳᠦᠨ ᠵᠠᠭᠤᠨ ᠲᠣᠮᠣ ᠭᠡᠯᠪᠡᠷᠢ ᠶᠢᠨ ᠮᠠᠰᠢᠨ ᠶᠠᠭ ᠶᠠᠭᠠᠷᠠᠯᠲᠠᠢ ᠠᠵᠢᠯᠯᠠᠵᠤ ᠪᠠᠶᠢᠭ᠎ᠠ ᠨᠢ᠃             ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠭᠠᠰᠢ᠂ ᠥᠪᠥᠷ ᠮᠣᠩᠭᠤᠯ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠣᠷᠣᠨ ᠳᠠᠶᠠᠭᠠᠷ ᠤᠨ ᠬᠦᠴᠦ ᠪᠠᠷ ᠠᠬᠢᠭᠤᠯᠵᠤ᠂ ᠵᠠᠰᠠᠭᠰᠠᠨ ᠦᠷ᠎ᠡ ᠪᠦᠲᠦᠮᠵᠢ ᠨᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠳᠤ ᠬᠤᠯᠪᠣᠭᠳᠠᠭᠰᠠᠨ 13 ᠮᠤᠵᠢ ᠣᠷᠣᠨ ᠤ ᠳᠣᠲᠣᠷ᠎ᠠ ᠲᠡᠷᠢᠭᠦᠨ ᠪᠠᠶᠢᠷᠢᠨ ᠳᠤ ᠣᠷᠣᠵᠤ᠂ ᠰᠠᠯᠬᠢ ᠡᠯᠡᠰᠦᠨ ᠤ ᠬᠤᠣᠷ ᠬᠥᠨᠥᠭᠡᠯ ᠪᠠ ᠤᠰᠤ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠭᠠᠰᠬᠠᠪᠠ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ 7 ᠲᠠᠯ᠎ᠠ ᠠᠴᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠰᠠᠶᠢᠲᠤᠷ ᠬᠢᠬᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠪᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠶᠡᠬᠡᠩᠬᠢ ᠬᠡᠰᠡᠭ ᠨᠢ ᠥᠪᠥᠷ ᠮᠣᠩᠭᠤᠯ ᠳᠤ ᠪᠠᠶᠢᠵᠤ᠂ 60% ᠠᠴᠠ ᠳᠡᠭᠡᠭᠰᠢᠬᠢ ᠠᠵᠢᠯ ᠤᠨ ᠬᠡᠮᠵᠢᠶ᠎ᠡ ᠨᠢ ᠥᠪᠥᠷ ᠮᠣᠩᠭᠤᠯ ᠳᠤ ᠪᠠᠶᠢᠵᠤ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠨ᠎ᠠ᠃ ᠨᠢᠳᠤᠨᠤᠨ ᠤ ᠳᠠᠶᠢᠯᠠᠯᠳᠤᠭᠠᠨ ᠡᠬᠢᠯᠡᠭᠰᠡᠨ ᠰᠠᠭᠤᠷᠢᠨ ᠳᠡᠭᠡᠷ᠎ᠡ᠂ ᠡᠨᠡ ᠵᠢᠯ ᠥᠪᠥᠷ ᠮᠣᠩᠭᠤᠯ ᠭᠤᠣᠯ ᠬᠦᠴᠦᠨ ᠪᠤᠯᠬᠤ ᠬᠠᠷᠢᠭᠤᠴᠠᠯᠭ᠎ᠠ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢ ᠭᠠᠷᠭᠠᠵᠤ᠂ ᠡᠨᠡ ᠬᠦ ᠠᠵᠢᠯ ᠢ ᠪᠦᠭᠦ ᠲᠠᠯ᠎ᠠ ᠪᠠᠷ ᠥᠷᠨᠢᠭᠦᠯᠦᠨ᠂ ᠭᠦᠨᠵᠡᠭᠡᠢ ᠠᠬᠢᠭᠤᠯᠵᠤ᠂ ᠪᠦᠭᠦ ᠣᠷᠣᠨ ᠤ ᠡᠯ᠎ᠡ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠵᠠᠯᠭᠠᠭ᠎ᠠ ᠪᠠᠷ ᠡᠬᠢᠯᠡᠭᠦᠯᠵᠦ᠂ ᠪᠦᠭᠦ ᠲᠠᠯ᠎ᠠ ᠪᠠᠷ ᠳᠠᠶᠢᠯᠠᠯᠳᠤᠭᠠᠨ ᠬᠢᠵᠦ ᠡᠬᠢᠯᠡᠵᠡᠢ᠃       ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠣᠷᠣᠬᠤ ᠳᠤ᠂ ᠮᠠᠰᠢᠨ ᠲᠡᠷᠭᠡ ᠨᠦᠭᠦᠳ ᠬᠦᠷᠴᠢᠭᠢᠨᠡᠨ᠂ ᠪᠠᠷᠢᠯᠭ᠎ᠠ ᠶᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠪᠠᠷᠢᠯᠭ᠎ᠠ ᠶᠢᠨ ᠠᠵᠢᠯᠲᠠᠳ ᠶᠠᠭᠠᠷᠠᠯᠲᠠᠢ ᠠᠵᠢᠯᠯᠠᠨ᠎ᠠ ᠁ ᠬᠥᠮᠥᠰ ᠢ ᠤᠷᠮᠠᠰᠢᠭᠤᠯᠬᠤ ᠦᠵᠡᠭᠳᠡᠯ ᠤᠳ᠂ ᠲᠦᠷᠭᠡᠨ ᠠᠬᠢᠭᠤᠯᠵᠤ ᠪᠠᠶᠢᠭ᠎ᠠ ᠲᠦᠷᠦᠯ ᠵᠦᠢᠯ ᠨᠦᠭᠦᠳ ᠰᠦᠷ ᠵᠢᠪᠬᠤᠭᠠᠲᠤ ᠭᠦᠭ ᠠᠶᠠᠰ ᠢ ᠴᠢᠪᠬᠠᠳᠠᠨ᠎ᠠ᠃       ᠰᠦᠨ ᠱᠤᠤ ᠴᠧᠩ 3 ᠰᠠᠷ᠎ᠠ ᠶᠢᠨ 14 ᠠᠴᠠ 16 ᠤ ᠡᠳᠦᠷ ᠪᠤᠯᠲᠠᠯ᠎ᠠ ᠦᠦᠰᠢᠨ ᠬᠤᠰᠢᠭᠤ᠂ ᠤᠳᠤᠭ ᠤᠨ ᠡᠮᠦᠨᠡᠲᠦ ᠬᠤᠰᠢᠭᠤ ᠳᠤ ᠬᠦᠷᠴᠦ᠂ 18 ᠠᠴᠠ 20 ᠤ ᠡᠳᠦᠷ ᠪᠤᠯᠲᠠᠯ᠎ᠠ ᠲᠠᠭᠢᠨ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ᠂ ᠲᠤᠯᠤᠨ ᠨᠠᠭᠤᠷ ᠰᠢᠶᠠᠨ᠂ ᠪᠠᠷᠠᠭᠤᠨ ᠦᠵᠦᠮᠦᠴᠢᠨ ᠬᠤᠰᠢᠭᠤ ᠳᠤ ᠬᠦᠷᠴᠦ᠂ ᠮᠤᠤᠠᠤᠰᠤ ᠶᠢᠨ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠠᠢ ᠳᠤ ᠳᠠᠶᠢᠯᠠᠯᠳᠤᠭᠠᠨ ᠢ ᠵᠢᠯᠣᠭᠤᠳᠪᠠ᠃       ᠦᠦᠰᠢᠨ ᠬᠤᠰᠢᠭᠤᠨ ᠳᠤ ᠬᠦᠷᠬᠦ ᠭᠠᠯᠲᠤ ᠲᠡᠷᠭᠡᠨ ᠳᠡᠭᠡᠷ᠎ᠡ᠂ ᠰᠦᠨ ᠱᠤᠤ ᠴᠧᠩ ᠲᠤᠬᠠᠢ ᠶᠢᠨ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠥᠯᠥᠪᠯᠡᠭᠡ ᠶᠢᠨ ᠲᠣᠬᠢᠷᠠᠭᠤᠯᠤᠯᠲᠠ᠂ ᠪᠡᠯᠡ ᠮᠥᠩᠭᠦᠨ ᠤ ᠢᠷᠡᠯᠲᠡ᠂ ᠲᠦᠭᠦᠬᠡᠢ ᠮᠠᠲ᠋ᠧᠷᠢᠶᠠᠯ ᠤᠨ ᠪᠡᠯᠡᠳᠬᠡᠯ᠂ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠮᠤᠤᠠᠤᠰᠤ ᠶᠢᠨ ᠡᠯᠡᠰᠦᠷᠬᠡᠭ ᠭᠠᠵᠠᠷ ᠤᠨ ︽ᠭᠤᠷᠪᠠᠨ ᠠᠷᠭ᠎ᠠ ᠶᠢ ᠤᠶᠠᠯᠳᠤᠭᠤᠯᠬᠤ︾ ᠵᠢᠱᠢᠶ᠎ᠡ ᠦᠵᠡᠭᠦᠯᠭᠦ ᠴᠡᠭ ᠤᠨ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ ᠬᠥᠮᠥᠰ ᠶᠠᠭᠠᠷᠠᠯᠲᠠᠢ ᠠᠵᠢᠯᠯᠠᠵᠠᠭᠠᠵᠤ ᠪᠠᠶᠢᠯ᠎ᠠ᠂ ᠰᠦᠨ ᠱᠤᠤ ᠴᠧᠩ ᠭᠦᠷᠦᠮᠡᠭᠴᠡ ᠪᠠᠨ ᠪᠠᠭᠠᠵᠢ ᠠᠳᠬᠤᠨ ᠢᠨᠵᠧᠨᠧᠷᠢᠩ ᠤᠨ ᠠᠩᠭᠢ ᠲᠠᠢ ᠬᠠᠮᠲᠤ ᠠᠵᠢᠯᠯᠠᠵᠤ᠂ ᠤᠳᠠ᠂ ᠡᠯᠡᠰᠦᠨ ᠪᠤᠷᠭᠠᠰᠤ᠂ ᠨᠠᠶᠢᠯᠵᠠᠭᠤᠷ ᠬᠠᠷᠭᠠᠨ᠎ᠠ ᠵᠡᠷᠭᠡ ᠶᠢᠨ ᠴᠢᠬᠢ ᠶᠢ ᠲᠠᠷᠢᠪᠠ᠃ ᠰᠦᠨ ᠱᠤᠤ ᠴᠧᠩ ᠨᠢᠭᠡ ᠲᠠᠯ᠎ᠠ ᠪᠠᠷ ᠬᠥᠳᠡᠯᠮᠦᠷᠢᠯᠡᠵᠦ᠂ ᠨᠦᠭᠦᠭᠡ ᠲᠠᠯ᠎ᠠ ᠪᠠᠷ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠵᠤ᠂ ᠨᠢᠭᠡ ᠡᠳᠦᠷ ᠬᠡᠳᠦᠢ ᠠᠵᠢᠯ ᠬᠢᠵᠦ ᠳᠡᠶᠢᠯᠭᠦ᠂ ᠵᠠᠰᠠᠯᠲᠠ ᠶᠢᠨ ᠵᠠᠷᠤᠳᠠᠯ ᠬᠡᠳᠦᠢ ᠪᠠᠶᠢᠬᠤ᠂ ᠡᠯᠡᠰᠦᠨ ᠪᠤᠷᠭᠠᠰᠤ ᠵᠡᠷᠭᠡ ᠮᠠᠲ᠋ᠧᠷᠢᠶᠠᠯ ᠢ ᠬᠠᠮᠢᠭ᠎ᠠ ᠠᠴᠠ ᠠᠪᠴᠢᠷᠠᠬᠤ᠂ ᠬᠡᠷᠡᠭᠯᠡᠵᠦ ᠭᠦᠢᠴᠡᠬᠦ ᠡᠰᠡᠬᠦ ᠲᠤᠬᠠᠢ ᠮᠠᠰᠢ ᠨᠠᠷᠢᠨ ᠠᠰᠠᠭᠤᠪᠠ᠃ ᠳᠠᠷᠠᠭ᠎ᠠ ᠨᠢ᠂ ᠲᠡᠷᠡ ᠪᠠᠰᠠ ᠣᠲᠤᠭ ᠤᠨ ᠡᠮᠦᠨᠡᠲᠦ ᠬᠤᠰᠢᠭᠤᠨ ᠤ ᠵᠠᠭᠤᠨ ᠲᠦᠮᠡᠨ ᠮᠦ ᠨᠠᠶᠢᠯᠵᠠᠭᠤᠷ ᠬᠠᠷᠭᠠᠨ᠎ᠠ ᠶᠢᠨ ᠲᠠᠷᠢᠮᠠᠯ ᠤᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ ᠨᠠᠶᠢᠯᠵᠠᠭᠤᠷ ᠬᠠᠷᠭᠠᠨ᠎ᠠ ᠲᠠᠷᠢᠬᠤ ᠪᠠ ᠬᠠᠳᠤᠵᠤ ᠬᠤᠷᠢᠶᠠᠬᠤ ᠪᠠᠶᠢᠳᠠᠯ ᠢ ᠣᠶᠢᠯᠠᠭᠠᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠳᠡᠭᠡᠳᠦ ᠠᠮᠠᠰᠠᠷ ᠪᠠ ᠰᠠᠯᠬᠢᠨ ᠤ ᠳᠣᠣᠷᠠᠳᠤ ᠠᠮᠠᠰᠠᠷ ᠲᠤ ᠬᠦᠷᠴᠦ ᠬᠠᠯᠬᠠᠪᠴᠢ ᠪᠦᠰᠡ ᠵᠢᠴᠢ ᠡᠷᠭᠢᠨ ᠲᠣᠭᠤᠷᠢᠨ ᠤ ᠲᠥᠪᠯᠡᠷᠡᠨ ᠵᠠᠯᠭᠠᠯᠳᠤᠭᠰᠠᠨ ᠡᠯᠡᠰᠦᠷᠬᠡᠭ ᠭᠠᠵᠠᠷ ᠤᠨ ᠵᠠᠰᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃       ᠰᠦᠨ ᠱᠤᠤ ᠴᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠰᠥᠪᠯᠡᠨ ᠪᠠᠶᠢᠷᠢᠯᠠᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠪᠦᠭᠦ ᠲᠠᠯ᠎ᠠ ᠪᠠᠷ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ᠃ ᠤᠷᠤᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠬᠤ ᠪᠠ ᠴᠤᠭᠯᠠᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠣᠷᠣᠭᠤᠯᠤᠯᠲᠠ ᠶᠢ ᠲᠠᠲᠠᠨ ᠥᠷᠭᠡᠳᠬᠡᠵᠦ᠂ ᠡᠯ᠎ᠡ ᠲᠦᠷᠦᠯ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠴᠢᠬᠢ ᠮᠣᠳᠣᠨ ᠤ ᠲᠦᠭᠦᠬᠡᠢ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃ ᠠᠯᠤᠰ ᠭᠡᠳᠦ ᠶᠢ ᠪᠣᠳᠣᠯᠬᠢᠯᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠡᠷᠡᠭᠴᠡᠭᠡ ᠶᠢ ᠦᠨᠳᠦᠰᠦᠯᠡᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠪᠠ ᠤᠷᠲᠤᠳᠬᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ ᠡᠬᠢᠨ ᠤ ᠪᠠ ᠡᠴᠦᠰ ᠤᠨ ᠬᠡᠯᠬᠢᠶᠡᠨ ᠤ ᠡᠯᠡᠰᠦᠨ ᠬᠠᠯᠬᠠᠪᠴᠢ ᠶᠢᠨ ᠬᠠᠩᠭᠠᠯᠭ᠎ᠠ᠂ ᠴᠢᠬᠢ ᠮᠣᠳᠣ ᠲᠠᠷᠢᠵᠤ ᠪᠤᠶᠢᠵᠢᠭᠤᠯᠬᠤ᠂ ᠡᠰᠢ ᠰᠦᠷᠡᠯ ᠢ ᠠᠰᠢᠭᠯᠠᠬᠤ᠂ ᠲᠡᠵᠢᠭᠡᠯ ᠪᠣᠷᠳᠤᠭ᠎ᠠ ᠡᠳ᠋ᠰᠢᠭᠦᠯᠬᠦ ᠵᠡᠷᠭᠡ ᠶᠢ ᠴᠥᠮ ᠬᠢᠵᠦ᠂ ᠤᠢ ᠳᠣᠲᠣᠷᠠᠬᠢ ᠠᠵᠤ ᠠᠬᠤᠢ᠂ ᠣᠶ ᠰᠢᠭᠤᠢ ᠡᠪᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠨᠣᠭᠤᠭᠠᠷᠠᠭᠤᠯᠬᠤ ᠪᠠ ᠪᠠᠶᠠᠵᠢᠭᠤᠯᠬᠤ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ᠂ ᠪᠦᠭᠦ ᠤᠯᠤᠰ ᠤᠨ ᠨᠣᠭᠤᠭᠠᠷᠠᠭᠤᠯᠤᠯᠲᠠ ᠶᠢᠨ ᠭᠦᠳᠡᠯᠮᠦᠷᠢ ᠶᠢᠨ ᠵᠢᠱᠢᠶᠡᠴᠢ ᠶᠢᠨ ᠢᠦᠢ ᠵᠧᠨ ᠢ ᠡᠷᠭᠢᠨ ᠦᠵᠡᠵᠦ᠂ ᠲᠡᠭᠦᠨ ᠤ ᠤᠯᠠᠨ ᠵᠢᠯ ᠤᠨ ᠲᠤᠷᠰᠢᠬᠢ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠲᠡᠭᠦᠨ ᠲᠠᠢ ᠬᠠᠮᠲᠤ ᠴᠢᠬᠢ ᠮᠣᠳᠣ ᠲᠠᠷᠢᠪᠠ᠃ ᠰᠦᠨ ᠱᠤᠤ ᠴᠧᠩ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠢ ᠰᠣᠩᠭᠤᠨ ᠱᠤᠭᠤᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ ᠳᠠᠶᠢᠴᠢᠯᠠᠬᠤ ᠠᠵᠢᠯ ᠢ ᠨᠡᠩ ᠢᠯᠡᠭᠦᠦ ᠴᠢᠬᠤᠯᠠᠴᠢᠯᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠠᠭᠠᠯᠠᠬᠤ ᠪᠠ ᠵᠠᠰᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠭᠠᠵᠠᠷ ᠰᠢᠷᠣᠢ ᠶᠢ ᠨᠠᠨᠳᠢᠩᠨᠠᠨ᠂ ᠭᠡᠷ ᠣᠷᠣᠨ ᠢᠶᠠᠨ ᠬᠠᠶᠢᠷᠠᠯᠠᠨ ᠬᠠᠮᠠᠭᠠᠯᠠᠵᠤ᠂ ︽ᠨᠠᠳᠠ ᠪᠠᠷ ᠵᠠᠰᠠᠭᠤᠯᠬᠤ︾ ᠶᠢ ︽ᠪᠢ ᠵᠠᠰᠠᠬᠤ︾ ᠪᠣᠯᠭᠠᠨ ᠬᠤᠪᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠬᠡᠷᠡᠭᠲᠡᠢ ᠭᠡᠵᠦ ᠬᠡᠯᠡᠪᠡ᠃       ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ᠂ ᠰᠦᠨ ᠱᠤᠤ ᠴᠧᠩ ᠡᠯᠡᠰᠦᠷᠬᠡᠭ ᠭᠠᠵᠠᠷ ᠢ ᠵᠠᠰᠠᠭᠰᠠᠨ ᠦᠷ᠎ᠡ ᠪᠦᠲᠦᠭᠡᠯ ᠪᠣᠯᠣᠨ ᠲᠥᠯᠥᠪᠯᠡᠭᠡ ᠶᠢ ᠭᠦᠨᠵᠡᠭᠡᠢ ᠣᠶᠢᠯᠠᠭᠠᠵᠤ᠂ ᠰᠢᠯᠢ ᠶᠢᠨ ᠭᠤᠣᠯ ᠠᠶᠢᠮᠠᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ ᠰᠥᠨᠥᠭᠡᠯᠲᠡ ᠶᠢᠨ ᠳᠠᠶᠢᠯᠠᠯᠳᠤᠭᠠᠨ ᠬᠢᠵᠦ ᠪᠠᠶᠢᠨ᠎ᠠ᠂ ᠶᠡᠭᠡ ᠳᠠᠶᠢᠯᠠᠯᠳᠤᠭᠠᠨ ᠬᠢᠬᠦ ᠰᠥᠰᠥ ᠵᠣᠷᠢᠭ ᠢᠶᠠᠨ ᠪᠠᠳᠠᠷᠠᠭᠤᠯᠵᠤ᠂ ᠢᠯᠡᠭᠦᠦ ᠬᠢᠵᠦ ᠴᠢᠳᠠᠪᠠᠯ ᠢᠯᠡᠭᠦᠦ ᠬᠢᠵᠦ᠂ ᠬᠡᠳᠦᠢ ᠲᠦᠷᠭᠡᠨ ᠬᠢᠵᠦ ᠴᠢᠳᠠᠪᠠᠯ ᠲᠡᠳᠦᠢ ᠲᠦᠷᠭᠡᠨ ᠬᠢᠵᠦ᠂ ᠨᠢᠭᠡ ᠯᠡ ᠠᠮᠢᠰᠬᠤᠭ᠎ᠠ ᠪᠠᠷ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠡᠭᠦᠷᠭᠡ ᠪᠠᠭ᠎ᠠ ᠭᠠᠵᠠᠷ ᠣᠷᠣᠨ ᠨᠢ ᠰᠥᠨᠥᠭᠡᠯᠲᠡ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠮᠣᠳᠣ ᠲᠠᠷᠢᠵᠤ᠂ ᠲᠣᠷᠤᠭ ᠮᠣᠳᠣ ᠪᠤᠲᠠ ᠮᠣᠳᠣ ᠡᠪᠡᠰᠦ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠢ ᠬᠡᠷᠡᠭᠯᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠠᠪᠤᠳᠠᠯ ᠢ ᠨᠡᠩ ᠴᠢᠬᠤᠯᠠᠴᠢᠯᠠᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ᠮᠠᠰᠢᠨ ᠢᠶᠠᠷ ᠠᠵᠢᠯᠯᠠᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠡᠮᠦᠨᠡᠬᠢ ᠬᠤᠭᠤᠴᠠᠭᠠᠨ ᠤ ᠵᠠᠰᠠᠯᠲᠠ ᠠᠴᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠭᠦᠷᠲᠡᠯ᠎ᠡ᠂ ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠬᠤ ᠳᠤ ᠴᠥᠮ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠶᠢ ᠰᠤᠳᠤᠯᠤᠨ ᠪᠦᠷᠢᠯᠳᠦᠭᠦᠯᠵᠦ᠂ ᠬᠡᠳᠦᠨ ᠵᠦᠢᠯ ᠤᠨ ᠵᠠᠭᠪᠤᠷ ᠢ ᠢᠯᠡᠭᠦᠬᠡᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠢᠳᠡᠪᠬᠢᠵᠢᠯ ᠢ ᠰᠠᠶᠢᠲᠤᠷ ᠳᠠᠶᠢᠴᠢᠯᠠᠵᠤ᠂ ᠬᠠᠷᠢᠭᠤᠴᠠᠯᠭ᠎ᠠ ᠡᠷᠬᠡ ᠶᠢ ᠵᠣᠬᠢᠴᠠᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠵᠠᠰᠠᠴᠢᠬᠠᠭᠠᠳ ᠡᠪᠳᠡᠬᠦ᠂ ᠡᠪᠳᠡᠴᠢᠬᠡᠭᠡᠳ ᠵᠠᠰᠠᠬᠤ ᠮᠠᠭᠤ ᠣᠷᠴᠢᠯ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠬᠡᠯᠡᠪᠡ᠃       ᠡᠨᠡ ᠬᠤᠭᠤᠴᠠᠭᠠᠨ ᠳᠤ᠂ ᠰᠦᠨ ᠱᠤᠤ ᠴᠧᠩ ᠪᠠᠰᠠ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠵᠤ︾᠂ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠯ ᠰᠣᠷᠢᠯᠲᠠ ᠶᠢ ᠰᠠᠶᠢᠲᠤᠷ ᠠᠳᠬᠤᠵᠤ᠂ ᠭᠠᠯ ᠭᠠᠷᠤᠮᠠᠭᠴᠠ ᠲᠦᠷᠭᠡᠨ ᠲᠤᠰᠬᠠᠯ ᠭᠠᠷᠭᠠᠵᠤ᠂ ᠡᠷᠬᠡᠪᠰᠢ ᠭᠠᠯ ᠭᠠᠷᠬᠤ ᠶᠢ ᠢᠯᠡᠷᠡᠭᠦᠯᠦᠮᠡᠭᠴᠡ ᠳᠠᠷᠤᠢ ᠳᠤᠨᠢ ᠤᠨᠲᠠᠷᠠᠭᠠᠬᠤ ᠬᠡᠷᠡᠭᠲᠡᠢ ᠭᠡᠵᠦ ᠵᠠᠬᠢᠪᠠ᠃       ᠸᠠᠩ ᠯᠢ ᠰᠢᠶᠠ ᠤᠷᠢᠳ ᠬᠤᠵᠢᠳ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠣᠯᠣᠨ ᠤᠯᠠᠭᠠᠨᠪᠤᠬ᠎ᠠ᠂ ᠲᠡᠭᠷᠢ ᠡᠯᠡᠰᠦᠨ ᠳᠤ ᠭᠦᠨᠵᠡᠭᠡᠶᠢᠷᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠠᠵᠢᠯ ᠢ ᠱᠠᠯᠠᠪᠳᠠᠭᠤᠯᠤᠨ ᠵᠢᠯᠣᠭᠤᠳᠪᠠ᠃ 3 ᠰᠠᠷ᠎ᠠ ᠶᠢᠨ ᠬᠡᠰᠢᠭᠲᠡᠨ ᠳᠤ ᠮᠥᠰᠥ ᠴᠠᠰᠤ ᠬᠠᠷᠠᠬᠠᠨ ᠬᠠᠶᠢᠯᠤᠭᠠᠳᠤᠢ ᠪᠠᠶᠢᠬᠤ ᠳᠤ᠂ ᠸᠠᠩ ᠯᠢ ᠰᠢᠶᠠ ᠠᠩᠬᠠᠨ ᠤ ᠬᠦᠷᠬᠦ ᠦᠷᠳᠡᠭᠡ ᠪᠠᠨ ᠤᠷᠢᠳ ᠢᠶᠠᠷ ᠰᠠᠶᠢᠬᠠᠨᠳᠠᠪᠠᠭ᠎ᠠ ᠤᠢ ᠰᠢᠭᠤᠢ ᠶᠢᠨ ᠲᠠᠯᠠᠪᠠᠢ ᠳᠤ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠠᠭᠢᠨ ᠡᠷᠭᠢᠴᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃ ᠲᠠᠷᠠᠭ᠎ᠠ ᠨᠢ᠂ ᠲᠡᠷᠡ ᠦ᠋ ᠼᠠᠢ ᠱᠠᠨ ᠠᠭᠤᠯᠠ ᠶᠢᠨ ᠡᠯᠡᠰᠦ ᠶᠢ ᠵᠠᠰᠠᠬᠤ ᠲᠦᠷᠦᠯ ᠵᠦᠢᠯ ᠤᠨ ᠣᠷᠣᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠠᠢ ᠶᠢᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠷᠯᠢᠭ ᠢ ᠡᠷᠡᠰ ᠴᠤᠤᠷᠢᠶᠠᠲᠤᠨ ᠲᠠᠭᠠᠵᠤ᠂ ᠤᠯᠤᠰ ᠲᠦᠷᠦ ᠶᠢ ᠡᠷᠭᠢᠮᠯᠡᠭᠦ ᠥᠨᠳᠥᠷᠴᠡ ᠠᠴᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠭᠦ ᠲᠠᠯ᠎ᠠ ᠪᠠᠷ ᠣᠯᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠰᠦᠪᠡᠭᠴᠢᠯᠡᠵᠦ᠂ ᠮᠠᠯᠴᠢᠨ ᠲᠠᠷᠢᠶᠠᠴᠢᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠠᠮᠢ ᠠᠬᠤᠢ ᠶᠢ ᠰᠠᠶᠢᠵᠢᠷᠠᠭᠤᠯᠬᠤ ᠮᠥᠷᠲᠡᠭᠡᠨ ᠣᠷᠣᠯᠭ᠎ᠠ ᠶᠢᠨ ᠨᠡᠮᠡᠭᠳᠡᠯ ᠢ ᠨᠢ ᠠᠬᠢᠭᠤᠯᠬᠤ ᠬᠡᠷᠡᠭᠲᠡᠢ᠃ ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠵᠢᠯ ᠵᠢᠯ ᠵᠠᠯᠭᠠᠭ᠎ᠠ ᠪᠠᠷ ᠠᠵᠢᠯᠯᠠᠵᠤ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢ ᠰᠠᠶᠢᠲᠤᠷ ᠵᠠᠰᠠᠵᠤ᠂ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ︽ᠠᠳᠡᠬᠢ ᠦᠵᠡᠮᠵᠢ ᠶᠢ ᠠᠳᠠᠪᠠᠰᠢ ᠰᠠᠶᠢᠬᠠᠨ︾ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠰᠠᠯᠬᠢ ᠡᠯᠡᠰᠦ ᠶᠢ ᠰᠥᠷᠴᠦ᠂ ᠸᠠᠩ ᠯᠢ ᠰᠢᠶᠠ ᠠᠯᠠᠱᠠ ᠶᠢᠨ ᠵᠠᠭᠤᠨ ᠲᠦᠮᠡᠨ ᠮᠦ ᠵᠠᠭ ᠤᠨ ᠤᠢ ᠶᠢᠨ ᠰᠠᠭᠤᠷᠢᠨ ᠪᠣᠯᠣᠨ ᠨᠢᠰᠬᠡᠯ ᠢᠶᠠᠷ ᠲᠠᠷᠢᠵᠤ ᠣᠶᠢᠵᠢᠭᠤᠯᠬᠤ ᠣᠷᠣᠨ ᠳᠤ ᠬᠦᠷᠴᠦ᠂ ᠵᠠᠭ ᠤᠨ ᠦᠨᠳᠦᠰᠦᠨ ᠳᠤ ᠴᠠᠭᠠᠨ ᠭᠤᠶᠣᠣ ᠵᠠᠯᠭᠠᠵᠤ ᠲᠠᠷᠢᠬᠤ ᠡᠨᠡ ᠬᠦ ᠡᠯᠡᠰᠦ ᠶᠢ ᠲᠣᠭᠲᠠᠪᠤᠷᠢᠵᠢᠭᠤᠯᠬᠤ ᠪᠥᠭᠡᠳ ᠪᠠᠰᠠ ᠠᠵᠤ ᠠᠬᠤᠢ ᠶᠢᠨ ᠦᠷ᠎ᠡ ᠠᠰᠢᠭ ᠲᠠᠢ ᠬᠡᠪ ᠵᠠᠭᠪᠤᠷ ᠢ ᠨᠤᠲᠠᠯᠠᠵᠤ᠂ ᠲᠤᠬᠠᠢ ᠶᠢᠨ ᠭᠠᠵᠠᠷ ᠤᠨ ᠬᠢᠨ ᠢ ᠪᠤᠤᠬᠢᠶ᠎ᠠ ᠳᠠᠮᠵᠢᠭᠤᠯᠤᠨ ᠠᠵᠢᠯᠯᠠᠬᠤ ᠶᠢ ᠵᠣᠷᠢᠭᠵᠢᠭᠤᠯᠪᠠ᠃ ᠲᠡᠭᠷᠢ ᠰᠢᠨ᠎ᠡ ᠡᠨᠧᠷᠭᠢ ᠶᠢᠨ ᠲᠣᠮᠣ ᠰᠠᠭᠤᠷᠢᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠵᠢᠯᠲᠠᠳ ᠶᠠᠭ ᠪᠠᠭᠠᠨ᠎ᠠ ᠪᠣᠰᠬᠠᠵᠤ ᠶᠠᠭᠠᠷᠠᠯᠳᠤᠨ᠎ᠠ᠃ ᠸᠠᠩ ᠯᠢ ᠰᠢᠶᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠠᠯᠢ ᠲᠦᠷᠭᠡᠨ ᠠᠯᠢ ᠡᠷᠲᠡ ᠠᠴᠠ ᠰᠢᠨ᠎ᠡ ᠡᠨᠧᠷᠭᠢ ᠶᠢᠨ ᠲᠦᠷᠦᠯ ᠵᠦᠢᠯ ᠢ ᠠᠬᠢᠭᠤᠯᠵᠤ᠂ ᠪᠣᠬᠢᠷᠳᠤᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠶᠢ ᠡᠷᠲᠡᠬᠡᠨ ᠲᠥᠯᠥᠪᠵᠢᠭᠦᠯᠬᠦ ᠬᠡᠷᠡᠭᠲᠡᠢ᠃ ᠰᠢᠨ᠎ᠡ ᠵᠠᠭᠪᠤᠷ ᠢᠶᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠭᠤᠷᠪᠠᠨ ᠢᠯᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ᠃ ᠳᠠᠷᠠᠭ᠎ᠠ ᠨᠢ᠂ ᠲᠡᠷᠡ ᠪᠠᠰᠠ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃       ᠸᠠᠩ ᠯᠢ ᠰᠢᠶᠠ ᠭᠦᠷᠦᠭᠰᠡᠨ ᠭᠠᠵᠠᠷ ᠪᠣᠯᠭᠠᠨ ᠳᠠᠭᠠᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠵᠤ᠂ ᠡᠨᠡ ᠶᠠᠪᠤᠳᠠᠯ ᠢ ᠡᠳᠦᠷ ᠪᠦᠷᠢ ᠶᠠᠷᠢᠵᠤ᠂ ᠴᠠᠭ ᠢᠮᠠᠭᠲᠠ ᠶᠠᠷᠢᠵᠤ᠂ ᠶᠡᠭᠡ ᠪᠠᠷ ᠤᠬᠠᠭᠤᠯᠬᠤ ᠪᠠᠷ ᠳᠠᠮᠵᠢᠨ ᠵᠢᠭᠤᠯᠴᠢᠯᠠᠬᠰᠡᠳ ᠪᠣᠯᠣᠨ ᠲᠤᠬᠠᠢ ᠶᠢᠨ ᠭᠠᠵᠠᠷ ᠤᠨ ᠤᠯᠠᠨ ᠲᠦᠮᠡᠨ ᠢ ︽ᠲᠦᠢᠮᠡᠷ ᠰᠡᠷᠭᠡᠶᠢᠯᠡᠭᠴᠢ︾ ᠪᠤᠯᠭᠠᠵᠤ᠂ ᠭᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠦᠷ᠎ᠡ ᠪᠦᠲᠦᠭᠡᠯ ᠢᠶᠠᠨ ᠬᠠᠮᠲᠤ ᠪᠠᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠣᠶᠢᠷ᠎ᠠ ᠶᠢᠨ ᠡᠳᠦᠷ᠂ ᠪᠦᠦ ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠶᠣᠣ ᠶᠦᠩ ᠪᠦᠸᠧ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠶᠢᠮᠠᠭ ᠬᠤᠳᠠ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠡᠬᠢᠯᠡᠬᠦ ᠶᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠴᠤ᠂ ᠡᠯ᠎ᠡ ᠠᠶᠢᠮᠠᠭ ᠬᠤᠳᠠ ᠲᠠᠢ ᠬᠠᠮᠲᠤ ᠪᠠᠷ ᠰᠡᠳᠦᠪ ᠬᠠᠷᠢᠭᠤᠯᠵᠤ᠂ ᠵᠡᠷᠭᠡ ᠪᠠᠷ ᠬᠦᠴᠦᠯᠡᠵᠦ᠂ ᠣᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠢᠦᠢ ᠯᠢ ᠰᠢᠨ᠂ ᠵᠠᠩ ᠪᠠᠢ ᠴᠧᠩ ᠲᠤᠰ ᠲᠤᠰ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠪᠠ᠃       ᠭᠦᠭᠡᠬᠤᠲᠠ ᠶᠢᠨ ᠲᠣᠭᠲᠠᠬᠤ ᠰᠢᠶᠠᠨ ᠤ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠬᠠᠴᠢᠨᠪᠤᠯᠠᠭ ᠲᠣᠰᠬᠤᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠤᠬᠠᠢ ᠶᠢᠨ ᠲᠠᠯᠠᠪᠠᠶ ᠠᠴᠠ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠬᠤᠶᠢᠲᠤ ᠬᠡᠰᠡᠭ ᠢ ᠨᠣᠭᠤᠭᠠᠷᠠᠭᠤᠯᠬᠤ ᠠᠮᠢ ᠠᠬᠤᠢ ᠶᠢᠨ ᠵᠠᠰᠠᠯᠲᠠ ᠶᠢᠨ ᠣᠷᠣᠨ ᠳᠤ ᠭᠦᠷᠳᠡᠯ᠎ᠡ᠂ ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠤ ᠴᠠᠩ ᠰᠢᠩ ᠡᠯᠡᠰᠦ ᠳᠤᠭᠤᠯᠤᠬᠰᠠᠨ ᠵᠠᠰᠠᠮᠠᠯ ᠵᠠᠮ ᠳᠠᠭᠠᠤ ᠢᠨᠵᠧᠨᠧᠷᠢᠩ ᠤᠨ ᠨᠢᠭᠡᠳᠦᠭᠡᠷ ᠹᠷᠣᠨᠲ ᠠᠴᠠ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠬᠤᠶᠠᠷᠰᠤᠮᠤ ᠶᠢᠨ ᠳᠠᠶᠢᠨ ᠤ ᠲᠠᠯᠠᠪᠤᠷ ᠭᠦᠷᠳᠡᠯ᠎ᠡ ᠁ ᠪᠦᠭᠦ ᠣᠷᠣᠨ ᠳᠠᠶᠠᠭᠠᠷ ᠵᠠᠷᠯᠢᠭ ᠰᠣᠨᠣᠰᠤᠮᠠᠭᠴᠠ ᠬᠥᠳᠡᠯᠦᠯᠴᠡᠵᠦ᠂ ᠲᠡᠷᠡ ᠴᠢᠭ ᠢᠶᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠳᠤᠯ ᠦᠭᠡᠢ ᠤᠷᠲᠤ ᠴᠠᠭᠠᠨ ᠬᠡᠷᠡᠮ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠴᠣᠭᠴᠠᠯᠠᠵᠤ᠂ ᠦᠨᠡᠨ ᠪᠣᠳᠠᠲᠠᠢ ᠵᠠᠰᠠᠯᠲᠠ ᠶᠢᠨ ᠦᠷ᠎ᠡ ᠪᠦᠲᠦᠮᠵᠢ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠨᠢ ᠬᠠᠷᠢᠭᠤᠯᠵᠤ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ