ᠰᠦᠨ ᠱᠤᠤ ᠴᠧᠩ ᠸᠠᠩ ᠯᠢ ᠰᠢᠶᠠ ᠮᠢᠩ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/3/25
       3 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠮᠢᠩ ᠶᠠᠩ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ᠃
20240325-1.jpg
       ᠰᠦᠨ ᠱᠤᠤ ᠴᠧᠩ ᠵᠠᠩ ᠴᠤᠸᠠᠨ ᠸᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠡᠨᠡ ᠵᠢᠯ ᠪᠢᠳᠡ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾  ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠡᠭᠦᠨ ᠳᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠨᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ ᠴᠢᠳᠠᠬᠤ ᠪᠠᠷ ᠪᠠᠷᠠᠬᠤ ᠦᠭᠡᠢ ᠪᠠᠰᠠ ᠨᠡᠩ ᠣᠯᠠᠨ ᠡᠬᠢ ᠪᠠᠶᠠᠯᠢᠭ ᠪᠠ ᠬᠦᠴᠦᠨ ᠴᠢᠳᠠᠯ ᠢ ᠲᠠᠶᠢᠴᠢᠯᠠᠵᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠨᠢᠭᠡ ᠯᠡ ᠳᠡᠭᠡᠷ᠎ᠡ ᠣᠯᠠᠨ ᠶᠠᠪᠤᠳᠠᠯ ᠢ ᠪᠦᠲᠦᠭᠡᠵᠦ ᠴᠢᠳᠠᠨ᠎ᠠ᠃ ᠥᠪᠥᠷ ᠮᠣᠩᠭᠤᠯ ᠪᠣᠯᠣᠨ ᠮᠢᠩ ᠶᠠᠩ ᠪᠦᠯᠦᠭᠯᠡᠯ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠠᠶᠢᠵᠤ᠂ ᠬᠤᠶᠠᠷ ᠲᠠᠯ᠎ᠠ ᠶᠢᠨ ᠬᠥᠭᠵᠢᠯᠲᠡ ᠶᠢᠨ ᠬᠠᠷᠠᠯᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠨ᠎ᠠ᠂ ᠮᠢᠩ ᠶᠠᠩ ᠪᠦᠯᠦᠭᠯᠡᠯ ᠤᠨ ᠬᠢᠨ ᠳᠠᠭᠠᠭᠤᠯᠤᠭᠴᠢ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠳᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠦᠯᠦᠭᠵᠢᠯ ᠢ ᠲᠦᠷᠭᠡᠳᠬᠡᠨ ᠴᠣᠭᠴᠠᠯᠠᠵᠤ᠂ ᠨᠠᠩ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠬᠦᠰᠡᠵᠦ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠳᠤᠲᠠᠭᠤᠳᠠᠯ ᠮᠥᠨ᠂ ︽ᠵᠢᠷᠭᠤᠭᠠᠨ ᠢᠨᠵᠧᠨᠧᠷᠢᠩ︾ ᠤᠨ ᠳᠣᠲᠣᠷ᠎ᠠ ᠳᠠᠷᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠪᠤᠢ᠂ ᠮᠢᠩ ᠶᠠᠩ ᠪᠦᠯᠦᠭᠯᠡᠯ ᠤᠨ ᠬᠢᠨ ᠳᠠᠪᠠᠭᠤᠯᠢᠭ ᠲᠠᠯ᠎ᠠ ᠪᠠᠨ ᠭᠦᠨᠵᠡᠭᠡᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠪᠠᠨ ᠴᠢᠩᠭᠠᠳᠬᠠᠵᠤ᠂ ᠥᠪᠥᠷ ᠮᠣᠩᠭᠤᠯ ᠤᠨ ︽ᠪᠦᠰᠡᠯᠡᠯᠲᠡ ᠰᠢᠪᠲᠤᠯᠬᠤ︾ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠳᠤ ᠢᠷᠡᠵᠦ ᠬᠥᠭᠵᠢᠬᠦ ᠪᠠᠷ ᠪᠠᠶᠢᠭ᠎ᠠ ᠠᠵᠤ ᠠᠬᠤᠶᠢᠯᠠᠯ ᠳᠤ ᠪᠢᠳᠡ ᠯᠠᠪᠲᠠᠢ ᠨᠢᠭᠡ ᠯᠡ ᠠᠳᠠᠯᠢ ᠪᠠᠷ ᠬᠠᠨᠳᠤᠵᠤ᠂ ᠦᠢᠯᠡᠴᠢᠯᠡᠭᠡ ᠪᠠᠲᠤᠯᠠᠭ᠎ᠠ ᠶᠢ ᠪᠦᠭᠦ ᠲᠠᠯ᠎ᠠ ᠪᠠᠷ ᠰᠠᠶᠢᠲᠤᠷ ᠬᠢᠨ᠎ᠡ ᠭᠡᠵᠡᠢ᠃
20240325-2.jpg
       ᠵᠠᠩ ᠴᠤᠸᠠᠨ ᠸᠧᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠤ ᠠᠬᠤᠶᠢᠯᠠᠯ ᠳᠠᠬᠢ ᠬᠠᠯᠠᠮᠵᠢᠯᠠᠯ ᠳᠡᠮᠵᠢᠯᠭᠡ ᠳᠤ ᠲᠠᠯᠠᠷᠬᠠᠭᠰᠠᠨ ᠪᠥᠭᠡᠳ ᠥᠪᠥᠷ ᠮᠣᠩᠭᠤᠯ ᠳᠠᠬᠢ ᠡᠵᠡᠩᠨᠡᠯᠲᠡ ᠶᠢᠨ ᠪᠠᠶᠢᠳᠠᠯ ᠪᠣᠯᠣᠨ ᠪᠡᠯᠡ ᠣᠷᠣᠭᠤᠯᠤᠯᠲᠠ ᠬᠥᠭᠵᠢᠯᠲᠡ ᠶᠢᠨ ᠲᠥᠯᠥᠪᠯᠡᠭᠡ ᠪᠠᠨ ᠲᠦᠭᠦᠮ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠰᠢᠨ᠎ᠡ ᠡᠨᠧᠷᠭᠢ ᠶᠢ ᠶᠡᠭᠡ ᠪᠠᠷ ᠨᠡᠭᠡᠭᠡᠨ ᠬᠥᠭᠵᠢᠭᠦᠯᠬᠦ ᠨᠢ ᠮᠢᠩ ᠶᠠᠩ ᠪᠦᠯᠦᠭᠯᠡᠯ ᠳᠤ ᠠᠪᠴᠤ ᠬᠡᠯᠡᠪᠡᠯ ᠲᠡᠦᠬᠡᠲᠦ ᠴᠢᠨᠠᠷᠲᠠᠢ ᠠᠵᠠ ᠲᠣᠭᠢᠶᠠᠯ ᠪᠣᠯᠣᠨ᠎ᠠ᠂ ᠪᠢᠳᠡ ᠲᠣᠰ ᠪᠡᠶ᠎ᠡ ᠶᠢᠨ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠮᠡᠷᠭᠡᠵᠢᠯ ᠪᠠ ᠲᠣᠨᠣᠭᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠡᠷᠭᠡᠵᠢᠯ ᠤᠨ ᠳᠡᠭᠡᠳᠦ ᠲᠡᠰᠵᠢᠯᠲᠡ᠂ ᠠᠵᠤ ᠦᠢᠯᠡᠰ ᠤᠨ ᠪᠦᠯᠦᠭᠵᠢᠯᠲᠡ᠂ ᠬᠡᠷᠡᠭᠯᠡᠭᠡᠨ ᠤ ᠠᠬᠤᠢ ᠲᠠᠯᠠᠪᠠᠶᠢᠵᠢᠯᠲᠠ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠵᠢᠷᠭᠤᠭᠠᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠪᠠ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢᠶᠠᠷ ᠵᠢᠱᠢᠶ᠎ᠡ ᠦᠵᠡᠭᠦᠯᠭᠦ ᠶᠢ ᠴᠢᠩᠭᠠᠳᠬᠠᠵᠤ᠂ ᠲᠣᠰ ᠪᠡᠶ᠎ᠡ ᠪᠠᠨ ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃       ᠳ᠋ᠢᠩ ᠰᠢᠤ ᠹᠧᠩ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ