︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠤᠨ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/3/25
ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄        ᠲᠠᠨ ᠤ ᠬᠤᠰᠢᠭᠤᠨ ᠤ ᠮᠡᠳᠡᠬᠦᠯᠦᠭᠰᠡᠨ ︽︿ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ﹀ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠡᠸᠡᠩᠭᠢ ᠵᠠᠰᠠᠭ ᠲᠠᠷᠬᠠᠭᠠᠭᠰᠠᠨ ﹇2024﹈ 5 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠂ ᠨᠠᠷᠢᠨ ᠬᠢᠨᠠᠮᠠᠭᠠᠢ ᠰᠤᠳᠤᠯᠬᠤ ᠪᠠᠷ ᠳᠡᠮᠵᠢᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄        ᠨᠢᠭᠡ᠂ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ︵ᠳᠣᠷᠣᠭᠰᠢ ᠬᠡᠷᠡᠭᠵᠢᠭᠦᠯᠬᠦ ᠲᠥᠰᠥᠯ ᠭᠡᠵᠦ ᠲᠣᠪᠴᠢᠯᠠᠨ᠎ᠠ︶ ᠢ ᠵᠠᠷᠴᠢᠮ ᠳᠡᠭᠡᠷ᠎ᠡ ᠪᠠᠨ ᠵᠦᠪᠰᠢᠶᠡᠷᠡᠵᠦ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃        ᠬᠤᠶᠠᠷ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠣᠭᠲᠠᠴᠠ ᠪᠠᠨ ᠲᠡᠭᠦᠯᠳᠡᠷᠵᠢᠬᠦᠯᠦᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ︽ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠡᠢ᠃        ᠭᠤᠷᠪᠠ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠵᠦ᠂ ᠳᠡᠯᠭᠡᠷᠡᠭᠦᠯᠵᠦ ᠪᠤᠯᠬᠤ᠂ ᠬᠠᠭᠤᠯᠪᠤᠷᠢᠯᠠᠵᠤ ᠪᠤᠯᠬᠤᠶᠢᠴᠠ ᠲᠤᠷᠰᠢᠯᠲᠠ ᠶᠢᠨ ᠴᠡᠭ ᠤᠨ ᠲᠤᠷᠰᠢᠯᠭ᠎ᠠ ᠪᠦᠷᠢᠯᠳᠦᠬᠦᠯᠵᠦ᠂ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢᠶᠠᠨ ᠥᠪᠡᠷᠲᠡᠭᠡᠨ ᠵᠠᠰᠠᠬᠤ ᠣᠷᠣᠨ ᠳᠤ ᠢᠳᠡᠪᠬᠢᠲᠡᠢ ᠪᠠᠷ ᠲᠤᠰᠢᠶᠠᠬᠤ ᠬᠡᠷᠡᠭᠲᠡᠢ᠃        ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                                  2024 ᠣᠨ ᠤ 3 ᠰᠠᠷ᠎ᠠ ᠶᠢᠨ 4 ᠤ ᠡᠳᠦᠷ       ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠡᠸᠡᠩᠭᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ