ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢ ᠨᠢᠭᠡᠳᠦᠯᠲᠡᠢ ᠲᠥᠯᠥᠪᠵᠢᠭᠦᠯᠬᠦ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/25
                             ᠬᠦᠯᠦᠨ ᠵᠠᠰᠠᠭ ᠥᠰᠥᠭ ﹇2024﹈ 13 ᠳ᠋ᠤᠭᠠᠷ ᠲᠣᠭᠠᠲᠤᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠦᠬᠦᠢ  ᠨᠢᠭᠡᠴᠢ ᠳᠤ᠄        ᠣᠶᠢᠷ᠎ᠠ ᠶᠢᠨ ᠵᠢᠯ ᠤᠳ ᠲᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠦᠷᠦᠯ ᠤᠨ ᠬᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠠᠭᠤᠷ ᠢ ᠬᠠᠶᠢᠨ ᠬᠡᠮᠵᠢᠬᠦ ᠤᠯᠠᠨ ᠲᠦᠷᠦᠯ ᠤᠨ ᠲᠥᠬᠦᠭᠡᠷᠦᠮᠵᠢ ᠶᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠦ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡᠨ ᠤ ᠲᠣᠣᠷ ᠤᠨ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠶ ᠪᠠᠷ ᠨᠥᠬᠦᠪᠦᠷᠢᠯᠡᠵᠦ᠂ ᠴᠠᠭ ᠠᠭᠤᠷ ᠤᠨ ᠬᠢᠨᠠᠨ ᠬᠡᠮᠵᠢᠯᠲᠡ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠬᠦ᠂ ᠬᠢᠨᠠᠨ ᠬᠡᠮᠵᠢᠯᠲᠡ ᠶᠢᠨ ᠪᠠᠯᠠᠢ ᠣᠷᠣᠨ ᠢ ᠨᠥᠬᠦᠪᠦᠷᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ ᠡᠭᠦᠨ ᠤ ᠵᠡᠷᠭᠡ ᠳᠤ᠂ ᠠᠵᠢᠭᠯᠠᠨ ᠬᠡᠮᠵᠢᠬᠦ ᠪᠠᠷᠢᠮᠵᠢᠶ᠎ᠠ ᠨᠢ ᠠᠳᠠᠯᠢ ᠦᠭᠡᠢ᠂ ᠬᠠᠶᠢᠨ ᠬᠡᠮᠵᠢᠬᠦ ᠣᠷᠴᠢᠨ ᠨᠥᠬᠦᠴᠡᠯ ᠨᠢ ᠵᠢᠭᠳᠡ ᠦᠭᠡᠢ᠂ ᠠᠵᠢᠭᠯᠠᠨ ᠬᠡᠮᠵᠢᠬᠦ ᠨᠠᠷᠢᠪᠴᠢᠯᠠᠴᠠ ᠪᠠ ᠳᠠᠪᠲᠠᠮᠵᠢ ᠶᠢᠨ ᠵᠥᠷᠢᠶ᠎ᠡ ᠵᠢᠴᠢ ᠲᠤᠭ᠎ᠠ ᠪᠠᠷᠢᠮᠲᠠ ᠶᠢᠨ ᠵᠤᠯᠭᠠᠭᠤᠯᠤᠯ᠂ ᠰᠲ᠋ᠢᠯᠢ ᠬᠡᠯᠪᠡᠷᠢ ᠨᠢ ᠨᠢᠭᠡᠳᠦᠯ ᠦᠭᠡᠢ ᠵᠡᠷᠭᠡ ᠦᠵᠡᠭᠳᠡᠯ ᠣᠷᠣᠰᠢᠵᠤ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠪᠠ ᠶᠡᠷᠦᠩᠬᠡᠶᠢᠯᠡᠭᠰᠡᠨ ᠦᠷ᠎ᠡ ᠠᠰᠢᠭ ᠤᠨ ᠪᠠᠳᠠᠷᠠᠭᠤᠯᠤᠯᠲᠠ ᠶᠢ ᠬᠦᠨᠳᠦ ᠨᠣᠴᠢᠲᠠᠢ ᠬᠢᠵᠠᠭᠠᠷᠯᠠᠵᠠᠢ᠃ ᠪᠦᠬᠦ ᠬᠤᠲᠠ ᠶᠢᠨ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠨᠢᠭᠡᠳᠦᠯᠲᠡᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ  ᠶᠢ ᠴᠢᠩᠭᠠᠳᠬᠠᠬᠤ ᠶᠢᠨ ᠲᠥᠯᠥᠭᠡ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠠᠵᠢᠯ ᠲᠥᠷᠥᠯ ᠭᠤᠣᠯᠯᠠᠨ ᠬᠠᠮᠢᠶᠠᠷᠬᠤ᠂ ᠰᠠᠯᠠᠭ᠎ᠠ ᠮᠥᠴᠢᠷ ᠬᠠᠮᠲᠤᠪᠠᠷ ᠪᠠᠶᠢᠭᠤᠯᠬᠤ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠬᠠᠮᠢᠶᠠᠷᠤᠯᠲᠠ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠯᠲᠠ ᠶᠢᠨ ᠦᠷ᠎ᠡ ᠠᠰᠢᠭ ᠢ ᠨᠡᠩ ᠰᠠᠶᠢᠨ ᠪᠠᠳᠠᠷᠠᠭᠤᠯᠬᠤ ᠶᠢᠨ ᠲᠤᠰᠠᠳᠠ᠂ ︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵2022 — 2035 ᠣᠨ︶︾ ︵ᠲᠦᠷᠦ ᠲᠠᠷᠬᠠᠭᠠᠭᠰᠠᠨ 〔2022〕11 ᠳ᠋ᠤᠭᠡᠷ ᠲᠣᠭᠠᠲᠤ︶᠂ ︽ᠳ᠋ᠠᠶᠢᠲ᠋ᠠ ᠶᠢᠨ ᠰᠠᠭᠤᠷᠢ ᠳᠦᠷᠢᠮ ᠢ ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︵ᠥᠪᠥᠷ ᠨᠠᠮ ᠲᠠᠷᠬᠠᠭᠠᠭᠰᠠᠨ ﹇2024﹈ 4 ᠳ᠋ᠤᠭᠡᠷ ᠲᠣᠭᠠᠲᠤ︶᠂ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠪᠠ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠦᠯᠦᠨ ᠵᠠᠰᠠᠭ ᠲᠠᠷᠬᠠᠭᠠᠭᠰᠠᠨ ﹇2022﹈ 33 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢ ᠴᠢᠩᠭᠠᠷᠠᠭᠤᠯᠵᠤ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ᠎ᠡ        ︵ᠨᠢᠭᠡ︶ ᠨᠢᠭᠡᠳᠦᠯᠲᠡᠢ ᠲᠥᠯᠥᠪᠵᠢᠭᠦᠯᠵᠦ ᠪᠦᠲᠦᠭᠡᠨ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠥᠷᠲᠡᠭᠡ ᠲᠣᠣᠷ ᠤᠨ ᠪᠠᠶᠢᠷᠢᠰᠢᠭᠤᠯᠤᠯᠲᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠨᠡᠶᠢᠭᠡᠮ ᠤᠨ ᠴᠠᠭ ᠠᠭᠤᠷ ᠤᠨ ᠬᠢᠨᠠᠨ ᠠᠵᠢᠭᠯᠠᠯᠳᠠ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ᠎ᠡ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠵᠣᠬᠢᠶᠠᠨ ᠪᠠᠶᠢᠭᠤᠯᠤᠯᠲᠠ ᠶᠢᠨ ᠴᠠᠭ ᠠᠭᠤᠷ ᠤᠨ ᠭᠠᠮᠰᠢᠭ ᠤᠨ ᠰᠡᠷᠭᠡᠭ ᠣᠷᠣᠨ᠂ ᠠᠮᠠᠷᠬᠠᠨ ᠡᠭᠦᠰᠳᠡᠭ ᠣᠷᠣᠨ ᠳᠤ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠪᠠᠶᠢᠷᠢᠯᠠᠭᠤᠯᠬᠤ ᠪᠤᠶᠤ ᠨᠢᠭᠤᠴᠠᠯᠠᠬᠤ ᠶᠢ ᠵᠤᠷᠢᠭᠵᠢᠭᠤᠯᠤᠨ᠎ᠠ᠃ ᠡᠯ᠎ᠡ ᠨᠢᠭᠡᠴᠢ ᠶᠢᠨ ᠥᠪᠡᠷ ᠲᠡᠭᠡᠨ ᠪᠠᠶᠢᠭᠤᠯᠬᠤ ᠪᠠ ᠪᠠᠶᠢᠭᠤᠯᠬᠤ ᠪᠠᠷ ᠪᠠᠶᠢᠭ᠎ᠠ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠦᠲᠦᠭᠡᠨ ᠪᠠᠶᠢᠭᠤᠯᠬᠤ ᠬᠠᠮᠢᠶᠠᠷᠤᠯᠲᠠ ᠳᠤ ᠬᠠᠮᠤᠷᠤᠭᠤᠯᠵᠤ᠂ ᠪᠦᠲᠦᠭᠡᠨ ᠪᠠᠶᠢᠭᠤᠯᠬᠤ ᠠᠴᠠ ᠡᠮᠦᠨ᠎ᠡ ᠬᠠᠷᠢᠶ᠎ᠠ ᠭᠠᠵᠠᠷ ᠤᠨ ᠴᠠᠭ ᠠᠭᠤᠷ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠳᠠᠪᠬᠤᠷᠳᠠᠭᠤᠯᠤᠨ ᠪᠡᠯᠡ ᠣᠷᠣᠭᠤᠯᠬᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠨ᠎ᠠ᠃        ︵ᠬᠤᠶᠠᠷ︶ ᠴᠠᠭ ᠲᠤᠬᠠᠢ ᠳᠤᠨᠢ ᠪᠦᠷᠢᠳᠬᠡᠨ ᠳᠡᠩᠰᠡᠯᠡᠵᠦ ᠮᠡᠳᠡᠭᠡᠯᠡᠨ᠎ᠡ᠃ ᠡᠯ᠎ᠡ ᠨᠢᠭᠡᠴᠢ ᠶᠢᠨ ᠨᠢᠭᠡᠨᠲᠡ ᠪᠠᠶᠢᠭᠤᠯᠤᠭᠰᠠᠨ ᠪᠠ ᠰᠢᠨ᠎ᠡ ᠪᠠᠷ ᠪᠠᠶᠢᠭᠤᠯᠤᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠭᠠᠵᠠᠷ ᠵᠦᠢ ᠶᠢᠨ ᠪᠠᠶᠢᠷᠢᠯᠠᠯ᠂ ᠬᠠᠷᠠᠯᠲᠠᠲᠤ ᠬᠡᠷᠡᠭᠴᠡᠭᠡ᠂ ᠲᠥᠬᠦᠭᠡᠷᠦᠮᠵᠢ ᠶᠢᠨ ᠪᠣᠯᠵᠣᠯᠲᠤ ᠲᠤᠭ᠎ᠠ ᠵᠡᠷᠭᠡ ᠮᠡᠳᠡᠭᠡ ᠵᠠᠩᠭᠢ ᠶᠢ ᠴᠠᠭ ᠠᠭᠤᠷ ᠤᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠳ ᠪᠥᠬᠦ ᠬᠤᠲᠠ ᠶᠢᠨ ᠨᠡᠶᠢᠭᠡᠮ ᠤᠨ ᠴᠠᠭ ᠠᠭᠤᠷ ᠢ ᠠᠵᠢᠭᠯᠠᠨ ᠬᠡᠮᠵᠢᠬᠦ ᠬᠠᠶᠢᠨ ᠬᠡᠮᠵᠢᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠶᠢᠷᠢᠰᠢᠭᠤᠯᠤᠯᠲᠠ ᠶᠢᠨ ᠪᠠᠶᠢᠳᠠᠯ ᠢ ᠪᠦᠷᠢᠳᠬᠡᠨ ᠡᠮᠬᠢᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠶᠢ ᠬᠠᠷᠢᠭᠤᠴᠠᠵᠤ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠠᠭ ᠠᠭᠤᠷ ᠢ ᠠᠵᠢᠭᠯᠠᠨ ᠬᠡᠮᠵᠢᠬᠦ ᠲᠣᠣᠷ ᠰᠦᠯᠵᠢᠶ᠎ᠡ ᠳᠤ ᠲᠥᠷᠥᠯ ᠬᠤᠪᠢᠶᠠᠨ ᠣᠷᠣᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠭᠠᠳᠠᠭᠠᠳᠤ ᠳᠤ ᠬᠤᠯᠪᠣᠭᠳᠠᠬᠤ ᠴᠠᠭ ᠠᠭᠤᠷ ᠤᠨ ᠬᠠᠶᠢᠨ ᠬᠡᠮᠵᠢᠯᠲᠡ ᠶᠢᠨ ᠦᠷᠲᠡᠭᠡ ︵ᠴᠡᠭ︶ ᠪᠠᠶᠢᠭᠤᠯᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠭᠠᠳᠠᠭᠠᠳᠤ ᠳᠤ ᠬᠤᠯᠪᠣᠭᠳᠠᠬᠤ ᠴᠠᠭ ᠠᠭᠤᠷ ᠤᠨ ᠬᠠᠶᠢᠨ ᠬᠡᠮᠵᠢᠯᠲᠡ ᠪᠠ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠨ᠎ᠡ᠃        ︵ᠭᠤᠷᠪᠠ︶ ᠠᠵᠢᠯ ᠲᠥᠷᠥᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠢᠯᠤᠭᠤᠳᠬᠤ ᠪᠠᠨ ᠴᠢᠩᠭᠠᠷᠠᠭᠤᠯᠤᠨ᠎ᠠ᠃ ᠡᠯ᠎ᠡ ᠨᠢᠭᠡᠴᠢ ᠨᠦᠭᠦᠳ ᠴᠠᠭ ᠠᠭᠤᠷ ᠤᠨ ᠠᠵᠢᠯ ᠲᠥᠷᠥᠯ ᠤᠨ ᠪᠠᠷᠢᠮᠵᠢᠶ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠴᠠᠭ ᠠᠭᠤᠷ ᠢ ᠠᠵᠢᠭᠯᠠᠨ ᠬᠡᠮᠵᠢᠬᠦ ᠠᠵᠢᠯᠯᠠᠭ᠎ᠠ ᠶᠢ ᠠᠯᠬᠤᠮ ᠠᠯᠬᠤᠮ ᠢᠶᠠᠷ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠵᠠᠭᠪᠤᠷ ᠤᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠴᠠᠭ ᠠᠭᠤᠷ ᠢ ᠬᠠᠶᠢᠨ ᠬᠡᠮᠵᠢᠬᠦ ᠪᠡᠯᠡᠳᠬᠡᠮᠵᠢ ᠶᠢᠨ ᠬᠡᠮᠵᠢᠯᠲᠡ ᠶᠢ ᠰᠢᠯᠭᠠᠨ ᠲᠣᠭᠲᠠᠭᠠᠬᠤ᠂ ᠲᠣᠭᠤᠷᠢᠨ ᠪᠠᠶᠢᠴᠠᠭᠠᠵᠤ ᠬᠠᠷᠭᠤᠭᠤᠯᠬᠤ ᠪᠠ ᠬᠠᠮᠠᠭᠠᠯᠠᠵᠤ ᠰᠡᠯᠪᠢᠨ ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠡᠬᠢ ᠪᠠᠶᠠᠯᠢᠭ ᠤᠨ ᠰᠠᠭᠤᠷᠢ ᠶᠢ ᠳᠡᠭᠡᠭᠰᠢᠯᠡᠬᠦᠯᠦᠨ᠎ᠡ᠃ ᠰᠢᠨ᠎ᠡ ᠪᠠᠷ ᠪᠠᠶᠢᠷᠢᠯᠠᠭᠤᠯᠤᠭᠰᠠᠨ ᠪᠠ ᠲᠥᠯᠥᠪᠵᠢᠭᠦᠯᠦᠨ ᠪᠦᠲᠦᠭᠡᠨ ᠪᠠᠶᠢᠭᠤᠯᠬᠤ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ᠂ ᠴᠠᠭ ᠠᠭᠤᠷ ᠤᠨ ᠮᠡᠷᠭᠡᠵᠢᠯ ᠤᠨ ᠲᠤᠰᠬᠠᠢ ᠬᠡᠷᠡᠭᠯᠡᠭᠡᠨ ᠤ ᠲᠣᠨᠣᠭᠯᠠᠯ ᠨᠢ ᠤᠯᠤᠰ ᠤᠨ ᠪᠠᠷᠢᠮᠵᠢᠶ᠎ᠠ ᠪᠤᠶᠤ ᠠᠵᠢᠯ  ᠲᠦᠷᠦᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠬᠡᠷᠡᠭᠲᠡᠢ᠃        ᠬᠤᠶᠠᠷ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ       ︵ᠨᠢᠭᠡ︶ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠪᠠ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠲᠥᠷᠥᠯ ᠵᠦᠢᠯ ᠤᠨ ᠴᠠᠭ ᠠᠭᠤᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠬᠡᠪᠴᠢᠶ᠎ᠡ᠂ ᠵᠠᠭᠪᠤᠷ ᠪᠠ ᠲᠠᠰ ᠳᠠᠷᠠᠭᠠᠯᠠᠯ ᠢ ᠵᠢᠷᠤᠮᠵᠢᠭᠤᠯᠤᠨ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢ ᠠᠰᠢᠭᠯᠠᠬᠤ  ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠨᠢᠭᠡᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠳᠤ ᠣᠯᠣᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠢᠶᠠᠨ ᠬᠤᠷᠢᠶᠠᠩᠭᠤᠶᠢᠯᠠᠨ ᠲᠤᠰᠢᠶᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠤᠨ᠎ᠠ᠃        ︵ᠬᠤᠶᠠᠷ︶ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠬᠠᠳᠠᠭᠠᠯᠠᠬᠤ ᠪᠠ ᠪᠠᠷᠢᠮᠵᠢᠶᠠᠵᠢᠭᠤᠯᠤᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠬᠠᠮᠢᠶᠠᠷᠬᠤ ᠶᠢ ᠬᠠᠷᠢᠭᠤᠴᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠴᠠᠭ ᠠᠭᠤᠷ ᠤᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ᠂ ᠥᠨᠳᠥᠷ ᠪᠦᠲᠦᠮᠵᠢᠲᠡᠶ ᠠᠰᠢᠭᠯᠠᠬᠤ ᠪᠠ ᠨᠡᠭᠡᠭᠡᠯᠲᠡ ᠬᠢᠵᠦ ᠬᠠᠮᠲᠤᠪᠠᠷ ᠭᠥᠷᠳᠡᠬᠦ ᠶᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠨᠢᠭᠡᠴᠢ ᠨᠦᠭᠦᠳ ᠨᠢᠭᠤᠴᠠ ᠶᠢ ᠬᠠᠮᠠᠭᠠᠯᠠᠬᠤ᠂ ᠡᠷᠬᠡ ᠠᠰᠢᠭ ᠢᠶᠠᠨ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠴᠠᠭ ᠠᠭᠤᠷ ᠤᠨ ᠬᠠᠶᠢᠨ ᠬᠡᠮᠵᠢᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠮᠡᠳᠡᠭᠡ ᠵᠠᠩᠭᠢ ᠳᠠᠮᠵᠢᠭᠤᠯᠬᠤ ᠶᠠᠰᠤ ᠴᠢᠨᠠᠷ ᠪᠠ ᠬᠦᠴᠦᠨ ᠲᠠᠢ ᠬᠤᠭᠤᠴᠠᠭ᠎ᠠ ᠶᠢ ᠦᠨᠡᠨ ᠬᠦ ᠪᠠᠲᠤᠯᠠᠨ᠎ᠠ᠃        ︵ᠭᠤᠷᠪᠠ︶ ᠲᠤᠭ᠎ᠠ ᠪᠠᠷᠢᠮᠲᠠ ᠶᠢᠨ ᠰᠤᠳᠤᠯᠭᠠᠨ ᠤ ᠲᠣᠭᠲᠠᠴᠠ ᠶᠢ ᠪᠠᠶᠢᠭᠤᠯᠤᠨ᠎ᠠ᠃ ᠡᠯ᠎ᠡ   ᠨᠢᠭᠡᠴᠢ ᠨᠦᠭᠦᠳ ᠲᠧᠭᠨᠢᠭ ᠮᠡᠷᠭᠡᠵᠢᠯ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯ ᠤᠨ ᠴᠠᠭ ᠠᠭᠤᠷ ᠤᠨ ᠰᠤᠳᠤᠯᠤᠯ ᠪᠣᠯᠣᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠬᠠᠮᠲᠤᠷᠠᠨ ᠥᠷᠨᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ ᠠᠰᠢᠭ ᠢ ᠬᠦᠭᠡᠭᠡᠴᠡᠯᠳᠦᠵᠦ ᠬᠤᠣᠷ ᠬᠥᠨᠥᠭᠡᠯ ᠠᠴᠠ ᠵᠠᠶᠢᠯᠠᠰᠬᠢᠬᠦ ᠦᠢᠯᠡᠳᠦᠯ ᠢ ᠲᠡᠰᠦᠷᠡᠯᠳᠠ ᠦᠭᠡᠢ ᠪᠠᠳᠠᠷᠠᠭᠤᠯᠤᠨ᠎ᠠ᠃ ᠠᠵᠤ ᠠᠬᠤᠢ ᠨᠡᠶᠢᠭᠡᠮ᠂ ᠠᠮᠢ ᠠᠬᠤᠢ ᠶᠢᠨ ᠣᠷᠴᠢᠨ ᠲᠣᠭᠤᠷᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠬᠥᠳᠡᠭᠡ ᠲᠣᠰᠬᠤᠨ ᠵᠡᠷᠭᠡ ᠶᠢᠨ ᠲᠤᠭ᠎ᠠ ᠪᠠᠷᠢᠮᠲᠠ ᠬᠢᠭᠡᠳ ᠴᠠᠭ ᠠᠭᠤᠷ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠴᠠᠭ ᠠᠭᠤᠷ ᠬᠢᠭᠡᠳ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠦᠢᠯᠡᠰ ᠤᠨ ᠠᠭᠤᠷ ᠠᠮᠢᠰᠬᠤᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠬᠠᠮᠲᠤᠪᠠᠷ ᠳᠡᠭᠡᠭᠰᠢᠯᠡᠭᠦᠯᠦᠨ᠎ᠡ᠃        ︵ᠳᠥᠷᠪᠡ︶ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠦᠨᠡᠨᠬᠦ ᠭᠦᠢᠴᠡᠳᠬᠡᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠵᠣᠬᠢᠴᠠᠭᠤᠯᠤᠨ ᠬᠤᠯᠪᠤᠭ᠎ᠠ ᠠᠪᠬᠤ ᠲᠣᠭᠲᠠᠴᠠ ᠪᠣᠯᠣᠨ ᠪᠠᠶᠢᠳᠠᠯ ᠢ ᠮᠡᠳᠡᠭᠳᠡᠬᠦ ᠲᠣᠭᠲᠠᠴᠠ ᠶᠢ ᠲᠦᠷᠦᠭᠦᠯᠡᠨ ᠪᠠᠶᠢᠭᠤᠯᠵᠤ᠂ ᠪᠣᠳᠠᠲᠠᠢ ᠵᠦᠢᠯᠡᠰ ᠢ ᠰᠤᠳᠤᠯᠤᠨ ᠵᠥᠪᠳᠡᠯᠴᠡᠬᠦ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠪᠡᠯᠡᠳᠬᠡᠮᠵᠢ ᠶᠢᠨ ᠣᠳᠣᠬᠢ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠷ ᠲᠤᠲᠤᠮ ᠤᠨ ᠰᠢᠮᠳᠠᠭᠤᠯᠤᠨ ᠭᠦᠢᠴᠡᠳᠬᠡᠬᠦ ᠪᠠ ᠪᠠᠶᠢᠴᠠᠭᠠᠬᠤ ᠶᠢ ᠴᠢᠩᠭᠠᠷᠠᠭᠤᠯᠤᠨ᠂ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠨᠥᠯᠥᠭᠡᠯᠡᠬᠦ᠂ ᠴᠠᠭ ᠠᠭᠤᠷ ᠤᠨ ᠬᠠᠶᠢᠨ ᠬᠡᠮᠵᠢᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠥᠷᠨᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠠᠵᠢᠯᠯᠠᠭ᠎ᠠ ᠶᠢᠨ ᠵᠢᠷᠤᠮᠵᠢᠭᠰᠠᠨ ᠶᠠᠪᠤᠭᠳᠠᠯ ᠢ ᠪᠦᠬᠦ ᠲᠠᠯ᠎ᠠ ᠪᠠᠷ ᠠᠬᠢᠭᠤᠯᠤᠨ᠎ᠠ᠃        ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠨ᠎ᠠ       ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ  ᠨᠢᠭᠡᠴᠢ ᠶᠢᠨ ᠬᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠦᠵᠡᠯᠲᠡ᠂ ᠶᠡᠭᠡ ᠲᠠᠯ᠎ᠠ ᠶᠢᠨ ᠦᠵᠡᠯᠲᠡ ᠶᠢ ᠪᠠᠲᠤ ᠪᠤᠶ ᠪᠣᠯᠭᠠᠵᠤ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠨ ᠬᠡᠮᠵᠢᠬᠦ ᠥᠷᠳᠡᠭᠡ ᠲᠣᠣᠷ ᠢ ᠨᠢᠭᠡᠳᠦᠯᠲᠡᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠨ᠂ ᠴᠠᠭ ᠠᠭᠤᠷ ᠢ ᠬᠠᠶᠢᠨ ᠬᠡᠮᠵᠢᠬᠦ ᠪᠡᠯᠡᠳᠬᠡᠮᠵᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃        ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠡᠯ᠎ᠡ ᠨᠢᠭᠡᠴᠢ ᠶᠢᠨ ᠬᠢᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠨᠡᠪᠲᠡᠷᠡᠯᠴᠡᠵᠦ᠂ ᠨᠢᠭᠲᠠ ᠬᠠᠮᠵᠢᠯᠴᠠᠨ᠂ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠭᠤᠣᠯᠳᠠᠯᠭ᠎ᠠ ᠲᠠᠢ᠂ ᠪᠡᠷᠬᠡᠲᠡᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠬᠦ ᠬᠤᠳᠠ ᠶᠢᠨ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢᠨ ᠨᠢᠭᠡᠳᠦᠯᠲᠡᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠦᠴᠦ ᠪᠠᠨ ᠬᠠᠮᠲᠤᠳᠬᠠᠨ ᠴᠢᠩᠭᠠᠳᠬᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠬᠡᠷᠡᠭᠯᠡᠯᠲᠡ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ᠎ᠠ᠃                                                      2024 ᠣᠨ ᠤ 3 ᠰᠠᠷ᠎ᠠ ᠶᠢᠨ 13 ᠤ ᠡᠳᠦᠷ        ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ