ᠦᠰᠦᠭᠲᠦ ᠲᠠᠶᠢᠯᠤᠮᠵᠢ᠄ ᠬᠥᠯᠥᠨ ᠪᠤᠶᠢᠷ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ︵2021 —2035︶ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/25

       ︽ᠲᠥᠯᠦᠪᠵᠢᠭᠦᠯᠭᠡ︾ ᠪᠣᠯ ᠬᠥᠯᠥᠨ ᠪᠤᠶᠢᠷ ᠬᠤᠲᠠ ᠶᠢᠨ ᠬᠠᠷᠢᠶ᠎ᠠ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤ ᠤᠯᠤᠰ ᠤᠨ ᠭᠠᠵᠠᠷ ᠰᠢᠷᠣᠢ ᠶᠢᠨ

ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠥᠷᠨᠢᠭᠦᠯᠬᠦ ᠠᠵᠢᠯᠯᠠᠭᠠᠨ ᠤ ᠬᠥᠲᠥᠯᠪᠦᠷᠢ ᠪᠠ ᠣᠷᠣᠨ ᠵᠠᠢ ᠶᠢᠨ ᠵᠢᠯᠣᠭᠤᠳᠤᠮᠵᠢ ᠮᠥᠨ᠂ ᠤᠯᠤᠰ ᠤᠨ

ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠴᠢᠬᠤᠯᠠ ᠦᠨᠳᠦᠰᠦᠯᠡᠯ ᠮᠥᠨ᠂ ᠤᠯᠤᠰ ᠤᠨ ᠭᠠᠵᠠᠷ ᠰᠢᠷᠣᠢ ᠶᠢᠨ ᠣᠷᠣᠨ

ᠵᠠᠢ ᠶᠢᠨ ᠠᠮᠢ ᠠᠬᠤᠢ ᠶᠢ  ᠰᠡᠷᠭᠦᠭᠡᠬᠦ ᠲᠠᠢ ᠬᠤᠯᠪᠣᠭᠳᠠᠬᠤ ᠪᠤᠰᠤᠳ ᠠᠵᠢᠯ ᠲᠥᠷᠥᠯ ᠤᠨ ᠲᠦᠯᠦᠪᠵᠢᠬᠦᠯᠭᠡ ᠶᠢ ᠲᠣᠰ ᠲᠥᠯᠦᠪᠵᠢᠭᠦᠯᠭᠡ ᠲᠠᠢ ᠵᠣᠯᠭᠠᠭᠤᠯᠬᠤ

ᠬᠡᠷᠡᠭᠲᠡᠢ᠃

      1. ᠲᠥᠯᠦᠪᠵᠢᠭᠦᠯᠭᠡ ᠶᠢᠨ ᠰᠠᠭᠤᠷᠢ

       ᠠᠮᠢ ᠠᠬᠤᠢ ᠶᠢᠨ ᠰᠢᠰᠲ᠋ᠧᠮ ᠤᠨ ᠡᠬᠢ ᠪᠠᠶᠠᠯᠢᠭ ᠡᠯᠪᠡᠭ

       ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠥᠨᠳᠥᠷ᠂ ᠣᠷᠣᠨ ᠪᠦᠰᠡ ᠶᠢᠨ ᠲᠠᠷᠬᠠᠯᠲᠠ ᠥᠷᠭᠡᠨ 

       ᠪᠠᠶᠢᠭᠠᠯᠢᠯᠢᠭ ᠨᠤᠲᠤᠭ ᠪᠡᠯᠴᠢᠭᠡᠷ ᠤᠨ ᠲᠠᠯᠠᠪᠠᠶ 671.61 ᠲᠦᠮᠡᠨ ᠾᠧᠺᠲ᠋ᠠᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ

ᠶᠡᠷᠦᠩᠬᠡᠢ ᠲᠠᠯᠠᠪᠠᠶ ᠶᠢᠨ 12.38% ᠶᠢ  ᠡᠵᠡᠯᠡᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ  ᠶᠢᠨ ᠪᠦᠷᠬᠦᠴᠡ 75.1% ᠳᠤ

ᠬᠦᠷᠴᠡᠢ᠃

       ᠣᠶ ᠰᠢᠭᠤᠢ ᠶᠢᠨ ᠠᠮᠢ ᠠᠬᠤᠢ ᠶᠢᠨ ᠴᠢᠳᠠᠮᠵᠢ ᠰᠠᠶᠢᠨ᠂ ᠪᠦᠷᠬᠦᠯᠲᠡ ᠶᠢᠨ ᠨᠤᠷᠮ᠎ᠠ ᠥᠨᠳᠥᠷ

ᠣᠶ ᠰᠢᠭᠤᠢ ᠶᠢᠨ ᠲᠠᠯᠠᠪᠠᠶ 1324.33 ᠲᠦᠮᠡᠨ ᠾᠧᠺᠲ᠋ᠠᠷ᠂ ᠣᠶ ᠰᠢᠭᠤᠢ ᠶᠢᠨ ᠪᠦᠷᠬᠦᠯᠲᠡ ᠶᠢᠨ ᠨᠤᠷᠮ᠎ᠠ 52.35%᠂ ᠤᠢ ᠮᠣᠳᠣᠨ ᠤ ᠨᠦᠭᠡᠴᠡ ᠶᠢᠨ

ᠬᠡᠮᠵᠢᠶ᠎ᠡ 13.15 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃

       ᠤᠰᠤᠨ ᠤ ᠡᠬᠢ ᠪᠠᠶᠠᠯᠢᠭ ᠡᠯᠪᠡᠭ᠂ ᠬᠥᠮᠥᠨ ᠳᠤᠮᠳᠠᠴᠢ ᠤᠰᠤᠨ ᠤ ᠬᠡᠮᠵᠢᠶ᠎ᠡ ᠤᠯᠠᠨ

ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 316.19 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢᠨ 57.3% ᠶᠢ ᠡᠵᠡᠯᠡᠨ᠎ᠡ᠃ ᠪᠦᠬᠦ ᠬᠤᠲᠠ ᠶᠢᠨ ᠬᠥᠮᠥᠨ ᠳᠤᠮᠳᠠᠴᠢ ᠡᠵᠡᠯᠡᠬᠦ

ᠤᠰᠤᠨ ᠤ ᠡᠬᠢ ᠪᠠᠶᠠᠯᠢᠭ ᠤᠨ ᠬᠡᠮᠵᠢᠶ᠎ᠡ 11760 ᠪᠣᠰᠤᠭ᠎ᠠ ᠳᠥᠷᠪᠡᠯᠵᠢᠨ  ᠮᠧᠲᠷ᠂ ᠪᠦᠬᠦ ᠣᠷᠣᠨ ᠤ 5.0 ᠳᠠᠬᠢᠨ ᠪᠠᠶᠢᠳᠠᠭ᠃

       ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠠᠭᠤᠷᠬᠠᠢ ᠮᠠᠯᠲᠠᠭᠰᠠᠨ ᠲᠡᠦᠬᠡ ᠤᠷᠲᠤ

ᠪᠥᠬᠦ ᠬᠤᠲᠠ ᠳᠤ ᠨᠢᠭᠡᠨᠲᠡ ᠢᠯᠡᠷᠡᠭᠦᠯᠦᠭᠰᠡᠨ ᠠᠭᠤᠷᠬᠠᠢ ᠶᠢᠨ ᠭᠠᠷᠤᠯᠲᠠ 67 ᠲᠦᠷᠦᠯ ︵ᠳᠡᠳ᠋ ᠠᠭᠤᠷᠬᠠᠢ ᠶᠢᠨ ᠲᠥᠷᠥᠯ 82︶ ᠪᠠᠶᠢᠵᠤ᠂ ᠥᠪᠡᠷᠲᠡᠭᠡᠨ

ᠵᠠᠰᠠᠬᠤ ᠣᠷᠣᠨ ᠤ ᠨᠢᠭᠡᠨᠲᠡ ᠢᠯᠡᠷᠡᠭᠦᠯᠦᠭᠰᠡᠨ ᠠᠭᠤᠷᠬᠠᠢ ᠶᠢᠨ ᠭᠠᠷᠤᠯᠲᠠ ᠶᠢᠨ ᠲᠥᠷᠥᠯ ᠵᠦᠢᠯ ᠤᠨ 54% ᠶᠢ ᠡᠵᠡᠯᠡᠨ᠎ᠡ᠃ ᠥᠪᠡᠷᠲᠡᠭᠡᠨ ᠵᠠᠰᠠᠬᠤ ᠣᠷᠣᠨ ᠤ

ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠦᠰᠦᠨᠦᠭᠲᠦ ᠳᠤ ᠵᠢᠭᠰᠠᠭᠠᠭᠳᠠᠭᠰᠠᠨ ᠠᠭᠤᠷᠬᠠᠢ ᠶᠢᠨ ᠭᠠᠷᠤᠯᠲᠠ 24 ᠲᠦᠷᠦᠯ᠂

ᠠᠭᠤᠷᠬᠠᠢ ᠶᠢᠨ ᠭᠠᠷᠤᠯᠲᠠ ᠶᠢᠨ ᠭᠠᠵᠠᠷ 126 ᠪᠠᠶᠢᠵᠤ᠂ ᠡᠭᠦᠨ ᠳᠤ ᠳᠤᠮᠳᠠ ᠲᠣᠮᠣ ᠬᠡᠯᠪᠡᠷᠢ ᠶᠢᠨ 35᠂ ᠳᠤᠮᠳᠠ ᠬᠡᠯᠪᠡᠷᠢ ᠶᠢᠨ 45 ᠪᠣᠶ᠃

       ᠠᠮᠢ ᠠᠬᠤᠢ ᠶᠢᠨ ᠰᠢᠰᠲ᠋ᠧᠮ ᠤᠨ ᠲᠦᠷᠦᠯ ᠬᠡᠯᠪᠡᠷᠢ ᠡᠯᠪᠡᠭ᠂ ᠠᠮᠢ ᠠᠬᠤᠢ ᠶᠢᠨ ᠰᠢᠰᠲ᠋ᠧᠮ ᠪᠦᠷᠢᠨ

ᠣᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ᠂ ᠭᠤᠣᠯ ᠨᠠᠭᠤᠷ ᠪᠠ ᠬᠤᠲᠠ ᠵᠡᠷᠭᠡ ᠣᠯᠠᠨ ᠵᠦᠢᠯ ᠤᠨ ᠠᠮᠢ ᠠᠬᠤᠢ ᠶᠢᠨ ᠰᠢᠰᠲ᠋ᠧᠮ ᠤᠨ ᠲᠦᠷᠦᠯ ᠬᠡᠯᠪᠡᠷᠢ

ᠲᠠᠷᠬᠠᠵᠤ ᠪᠠᠶᠢᠨ᠎ᠠ᠂ ᠡᠭᠦᠨ ᠳᠤ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠲᠠᠯᠠᠪᠠᠶ ᠶᠢᠨ ᠡᠵᠡᠯᠡᠬᠦ ᠬᠠᠷᠢᠴᠠᠯ 70% ᠣᠷᠴᠢᠮ ᠳᠤ ᠬᠦᠷᠴᠡᠢ᠃

       2. ᠶᠡᠷᠦᠩᠬᠡᠢ ᠱᠠᠭᠠᠷᠳᠠᠯᠭ᠎ᠠ ᠪᠠ ᠲᠥᠯᠦᠪᠵᠢᠭᠦᠯᠭᠡ ᠶᠢᠨ ᠬᠠᠷᠠᠯᠲᠠ

       ᠦᠨᠳᠦᠰᠦᠨ ᠵᠠᠷᠴᠢᠮ 

      ᠬᠠᠮᠠᠭᠠᠯᠠᠬᠤ ᠶᠢ ᠤᠷᠢᠳ ᠢᠶᠠᠷ ᠪᠤᠳᠤᠯᠬᠢᠯᠠᠬᠤ ᠶᠢ ᠪᠠᠷᠢᠮᠳᠠᠯᠠᠵᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠨ᠎ᠠ᠃

      ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠣᠷᠣᠨ ᠬᠤᠪᠢᠶᠠᠵᠤ ᠲᠥᠷᠥᠯ ᠬᠤᠪᠢᠶᠠᠨ ᠰᠡᠷᠭᠦᠭᠡᠨ᠎ᠡ᠃

      ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠭᠤᠣᠯᠳᠠᠯᠭ᠎ᠠ ᠪᠠ ᠬᠦᠴᠢᠷᠳᠡᠯ ᠢ ᠲᠤᠪᠤᠶᠢᠯᠭᠠᠨ᠎ᠠ᠃

      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃

      ᠭᠤᠣᠯ ᠬᠠᠷᠠᠯᠲᠠ 

      ᠶᠡᠷᠦᠩᠬᠡᠢ ᠬᠠᠷᠠᠯᠲᠠ

      ᠠᠮᠤᠷ ᠲᠦᠪᠰᠢᠨ ᠥᠨᠳᠥᠷ ᠪᠦᠲᠦᠮᠵᠢᠲᠡᠶ ᠦᠢᠯᠡᠳᠪᠦᠷᠢᠯᠡᠯ ᠤᠨ ᠣᠷᠣᠨ ᠵᠠᠢ᠂ ᠲᠠᠭᠠᠯᠠᠮᠵᠢᠲᠠᠢ ᠣᠷᠣᠰᠢᠨ ᠰᠠᠭᠤᠬᠤ ᠠᠮᠢᠳᠤᠷᠠᠯ ᠤᠨ ᠣᠷᠣᠨ ᠵᠠᠢ᠂ 

ᠴᠡᠩᠬᠡᠭ ᠤᠰᠤ ᠴᠡᠯᠮᠡᠭ ᠣᠭᠲᠠᠷᠭᠤᠢ ᠲᠠᠢ ᠠᠮᠢ ᠠᠬᠤᠢ ᠶᠢᠨ ᠣᠷᠣᠨ ᠵᠠᠢ ᠶᠢ ᠴᠤᠭᠴᠠᠯᠠᠵᠤ᠂ ᠬᠥᠮᠥᠨ ᠬᠢᠭᠡᠳ ᠡᠬᠡ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ

ᠣᠷᠣᠰᠢᠬᠤ ᠦᠵᠡᠰᠬᠦᠯᠡᠩᠲᠦ ᠰᠠᠶᠢᠬᠠᠨ ᠬᠥᠯᠥᠨ ᠪᠤᠶᠢᠷ ᠢ ᠪᠦᠲᠦᠭᠡᠨ ᠪᠠᠶᠢᠭᠤᠯᠤᠨ᠎ᠠ᠃

       2025 ᠣᠨ

       ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠡᠮᠬᠢ ᠵᠢᠷᠤᠮ ᠲᠠᠢ ᠲᠦᠯᠬᠢᠨ

ᠠᠬᠢᠭᠤᠯᠵᠤ᠂ ᠪᠥᠬᠦ ᠬᠤᠲᠠ ᠶᠢᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠪᠦᠲᠦᠮᠵᠢᠲᠡᠶ ᠳᠡᠭᠡᠭᠰᠢᠯᠡᠬᠦᠯᠦᠨ᠎ᠡ᠃

       2030 ᠣᠨ

       ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠠᠮᠢ ᠠᠬᠤᠢ ᠶᠢᠨ ᠦᠷ᠎ᠡ ᠠᠰᠢᠭ᠂

ᠨᠡᠶᠢᠬᠡᠮ ᠤᠨ ᠦᠷ᠎ᠡ ᠠᠰᠢᠭ ᠢᠯᠡᠷᠬᠡᠢ ᠪᠠᠶᠢᠵᠤ᠂ ᠠᠮᠢ ᠠᠬᠤᠢ  ᠶᠢᠨ ᠦᠢᠯᠡᠳᠬᠦᠨ ᠤ ᠥᠷᠲᠡᠭ  ᠢ ᠪᠡᠶᠡᠯᠡᠭᠦᠯᠬᠦ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂

ᠴᠢᠨᠠᠷ ᠰᠠᠶᠢᠲᠠᠢ ᠦᠵᠡᠰᠬᠦᠯᠡᠩᠲᠦ ᠰᠠᠶᠢᠬᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠠᠯᠬᠤᠮ ᠠᠯᠬᠤᠮ ᠢᠶᠠᠷ ᠪᠦᠷᠢᠯᠳᠦᠬᠦᠯᠦᠨ᠎ᠡ᠃

       2035 ᠣᠨ

       ᠪᠦᠬᠦ ᠬᠤᠳᠠ ᠶᠢᠨ ᠤᠢ ᠰᠢᠭᠤᠢ᠂ ᠨᠤᠲᠤᠭ ᠪᠡᠯᠴᠢᠭᠡᠷ᠂ ᠡᠯᠡᠰᠦᠷᠬᠡᠭ ᠭᠠᠵᠠᠷ ᠨᠤᠭᠤ ᠭᠠᠵᠠᠷ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ

ᠦᠨᠳᠦᠰᠦᠨ ᠠᠴᠠ ᠨᠢ ᠰᠠᠶᠢᠵᠢᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠳᠦᠰᠦᠨ ᠳᠡᠭᠡᠨ ᠪᠠᠶᠢᠭᠤᠯᠵᠤ᠂ ᠬᠥᠮᠥᠨ ᠬᠢᠭᠡᠳ ᠡᠬᠡ

ᠪᠠᠶᠢᠭᠠᠯᠢ ᠡᠶ᠎ᠡ ᠵᠤᠬᠢᠴᠠᠯ ᠲᠠᠢ ᠬᠠᠮᠲᠤ ᠪᠠᠷ ᠣᠷᠣᠰᠢᠬᠤ ᠦᠵᠡᠮᠵᠢᠲᠦ ᠵᠢᠷᠤᠭ ᠢ ᠵᠢᠷᠤᠭᠯᠠᠨ᠎ᠠ᠃

       3. ᠤᠯᠤᠰ ᠤᠨ ᠭᠠᠵᠠᠷ ᠰᠢᠷᠤᠢ ᠶᠢᠨ  ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ  ᠤᠷᠤᠨ ᠬᠤᠪᠢᠶᠠᠷᠢ

       1. ᠬᠥᠯᠥᠨ ᠪᠤᠶᠢᠷ ᠤᠨ ᠲᠠᠯ᠎ᠠ ᠨᠤᠲᠤᠭ ᠤᠨ ᠰᠠᠯᠬᠢ ᠶᠢ ᠬᠠᠯᠬᠠᠯᠠᠨ ᠡᠯᠡᠰᠦ ᠶᠢ ᠲᠤᠭᠲᠠᠪᠤᠷᠢᠵᠢᠭᠤᠯᠵᠤ ᠠᠮᠢ ᠠᠬᠤᠢ ᠶᠢ ᠬᠠᠮᠠᠭᠠᠯᠠᠨ ᠰᠡᠷᠭᠦᠭᠡᠬᠦ  ᠤᠷᠤᠨ

       ᠭᠤᠣᠯᠯᠠᠬᠤ ᠴᠢᠳᠠᠮᠵᠢ᠄ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠬᠥᠷᠥᠰᠥ ᠰᠢᠷᠣᠢ ᠶᠢ ᠪᠠᠲᠤᠯᠠᠬᠤ᠂ ᠠᠮᠢᠳᠤ ᠪᠣᠳᠠᠰ ᠤᠨ ᠣᠯᠠᠨ

ᠶᠠᠩᠵᠤᠲᠤ ᠴᠢᠨᠠᠷ ᠢ ᠪᠠᠲᠤᠯᠠᠬᠤ᠂ ᠠᠮᠢ ᠠᠬᠤᠢ ᠶᠢᠨ ᠪᠦᠲᠦᠭᠡᠭᠳᠡᠬᠦᠨ ᠦᠢᠯᠡᠳᠪᠦᠷᠢᠯᠡᠬᠦ

       2. ᠶᠡᠭᠡ ᠬᠢᠩᠭᠠᠨ ᠳᠠᠪᠠᠭᠠᠨ ᠤ ᠪᠠᠷᠠᠭᠤᠨ ᠬᠡᠰᠡᠭ ᠤᠨ ᠬᠥᠷᠥᠰᠥ ᠰᠢᠷᠣᠢ ᠶᠢ ᠪᠠᠲᠤᠯᠠᠵᠤ ᠠᠮᠢ ᠠᠬᠤᠢ ᠶᠢ ᠰᠡᠷᠭᠦᠭᠡᠬᠦ ᠣᠷᠣᠨ

       3. ᠶᠡᠭᠡ ᠬᠢᠩᠭᠠᠨ ᠳᠠᠪᠠᠭᠠᠨ ᠤ ᠵᠡᠭᠦᠨᠳᠡᠬᠢ ᠠᠭᠤᠯᠠᠨ ᠬᠤᠷᠮᠤᠢ ᠶᠢᠨ ᠬᠠᠷ᠎ᠠ ᠬᠥᠷᠥᠰᠥᠨ ᠤ ᠬᠥᠷᠥᠰᠥ ᠰᠢᠷᠣᠢ ᠶᠢ ᠪᠠᠲᠤᠯᠠᠵᠤ ᠠᠮᠢ ᠠᠬᠤᠢ ᠶᠢ ᠰᠡᠷᠭᠦᠭᠡᠬᠦ

ᠣᠷᠣᠨ

       ᠭᠤᠣᠯᠯᠠᠬᠤ ᠴᠢᠳᠠᠮᠵᠢ᠄ ᠬᠥᠷᠥᠰᠥ ᠰᠢᠷᠣᠢ ᠶᠢ ᠪᠠᠲᠤᠯᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠬᠤ

       4. ᠨᠤᠨ ᠮᠥᠷᠡᠨ ᠤ ᠤᠰᠤᠨ ᠰᠤᠷᠪᠤᠯᠵᠢ ᠶᠢ ᠬᠠᠳᠠᠭᠠᠯᠠᠵᠤ ᠠᠮᠢ ᠠᠬᠤᠢ ᠶᠢ ᠵᠠᠰᠠᠨ ᠰᠡᠷᠭᠦᠭᠡᠬᠦ ᠣᠷᠣᠨ

       5. ᠡᠷᠭᠦᠨ᠎ᠡ ᠭᠤᠣᠯ ᠤᠨ ᠰᠠᠪᠠ ᠭᠠᠵᠠᠷ ᠤᠨ ᠤᠰᠤᠨ ᠰᠤᠷᠪᠤᠯᠵᠢ ᠶᠢ ᠬᠠᠳᠠᠭᠠᠯᠠᠬᠤ— ᠨᠡᠭᠦᠷᠡᠰᠦᠲᠥ᠋ᠷᠥᠭᠴᠢ  ᠶᠢᠨ ᠬᠤᠷᠠᠮᠳᠤᠯ ᠤᠨ ᠠᠮᠢ ᠠᠬᠤᠢ  ᠶᠢᠨ

ᠬᠠᠮᠠᠭᠠᠯᠠᠯᠲᠠ ᠶᠢᠨ ᠣᠷᠣᠨ

       ᠭᠤᠣᠯᠯᠠᠬᠤ ᠴᠢᠳᠠᠮᠵᠢ᠄ ᠤᠰᠤᠨ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠪᠠᠲᠤᠯᠠᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ

ᠬᠠᠮᠠᠭᠠᠯᠠᠬᠤ᠂ ᠣᠶ ᠶᠢᠨ ᠭᠠᠷᠤᠯᠲᠠ ᠶᠢᠨ ᠪᠦᠲᠦᠭᠡᠭᠳᠡᠬᠦᠨ ᠢ ᠬᠠᠩᠭᠠᠬᠤ

       4. ᠤᠯᠤᠰ ᠤᠨ ᠭᠠᠵᠠᠷ ᠰᠢᠷᠤᠢ ᠶᠢᠨ  ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠭᠤᠣᠯᠳᠠᠯᠭ᠎ᠠ ᠲᠠᠢ ᠡᠭᠦᠷᠭᠡ

       ᠠᠮᠢ ᠠᠬᠤᠢ ᠶᠢᠨ ᠬᠤᠩᠭᠢᠯ ᠪᠠ ᠠᠮᠢ ᠠᠬᠤᠢ ᠶᠢᠨ ᠲᠤᠤᠷᠵᠢᠯ ᠤᠨ ᠴᠣᠭᠴᠠᠯᠠᠯᠲᠠ

       ᠬᠤᠳᠠ ᠶᠢᠨ ᠲᠡᠰ ᠤᠨ ᠠᠮᠢ ᠠᠬᠤᠢ ᠶᠢᠨ ᠬᠤᠩᠭᠢᠯ ᠤᠨ ᠰᠢᠰᠲ᠋ᠧᠮ ᠢ ᠪᠠᠶᠢᠭᠤᠯᠤᠨ᠎ᠠ᠃

       ᠵᠠᠮ ᠳᠠᠭᠠᠤ ᠠᠮᠢᠳᠤ ᠪᠣᠳᠠᠰ ᠤᠨ ᠠᠮᠢ ᠠᠬᠤᠢ ᠶᠢᠨ ᠬᠤᠩᠭᠢᠯ ᠢ ᠬᠤᠯᠪᠤᠯᠳᠤᠭᠤᠯᠤᠨ᠎ᠠ᠃

       ᠠᠮᠢ ᠠᠬᠤᠢ ᠶᠢᠨ ᠰᠦᠯᠵᠢᠶᠡᠨ ᠤ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃

       ᠠᠮᠢ ᠠᠬᠤᠢ ᠶᠢᠨ ᠬᠤᠩᠭᠢᠯ ᠤᠨ ᠳᠣᠲᠣᠭᠠᠳᠤ ᠪᠦᠲᠦᠴᠡ ᠶᠢ ᠪᠠᠶᠠᠯᠢᠭᠵᠢᠭᠤᠯᠤᠨ᠎ᠠ᠃

       ᠬᠤᠲᠠ ᠪᠠᠯᠭᠠᠰᠤᠨ ᠤ ᠣᠷᠣᠨ ᠵᠠᠢ ᠶᠢᠨ ᠠᠮᠢ ᠠᠬᠤᠢ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ

       ᠴᠡᠴᠡᠷᠯᠢᠭᠲᠦ ᠬᠤᠳᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃

       ᠬᠤᠲᠠ ᠪᠠᠯᠭᠠᠰᠤ ᠶᠢᠨ ᠠᠮᠢ ᠠᠬᠤᠢ ᠶᠢ ᠰᠡᠷᠭᠦᠭᠡᠯᠲᠡ ᠶᠢ ᠶᠡᠬᠡᠪᠡᠷ ᠬᠡᠷᠡᠭᠵᠢᠭᠦᠯᠦᠨ᠎ᠡ᠃

       ᠬᠥᠬᠡ ᠨᠣᠭᠤᠭᠠᠨ ᠰᠦᠯᠵᠢᠯᠳᠦᠭᠰᠡᠨ ᠣᠯᠠᠨ ᠳᠠᠪᠬᠤᠷᠭᠠᠲᠤ ᠠᠮᠢ ᠠᠬᠤᠢ ᠶᠢᠨ ᠲᠣᠣᠷ ᠰᠦᠯᠵᠢᠶ᠎ᠡ ᠶᠢ ᠪᠠᠶᠢᠭᠤᠯᠤᠨ᠎ᠠ᠃

       ᠠᠭᠤᠷᠬᠠᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠯᠳᠡ ᠶᠢ ᠴᠢᠩᠭᠠᠳᠬᠠᠨ᠎ᠠ᠃

       ᠪᠦᠬᠦᠯᠢ ᠴᠤᠭᠴᠠ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ

       ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠪᠠᠬᠢᠵᠢᠭᠦᠯᠦᠨ᠎ᠡ᠃

       ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃

       ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠭᠤᠯᠬᠤ ᠰᠠᠭᠤᠷᠢ ᠲᠤᠯᠭᠠᠭᠤᠷᠢᠯᠠᠯ ᠢ ᠴᠢᠩᠭᠠᠳᠬᠠᠨ᠎ᠠ᠃

       ᠠᠮᠢ ᠠᠬᠤᠢ ᠶᠢᠨ ᠣᠷᠣᠨ ᠵᠠᠢ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠬᠦᠯᠦᠨ᠎ᠡ

       ᠪᠠᠶᠢᠭᠠᠯᠢ ᠶᠢᠨ ᠠᠮᠢ ᠠᠬᠤᠢ ᠶᠢᠨ ᠣᠷᠣᠨ ᠵᠠᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃

       ᠤᠢ ᠰᠢᠭᠤᠢ ᠶᠢᠨ ᠪᠦᠬᠦᠯᠢ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠬᠦᠯᠦᠯᠲᠡ ᠶᠢ ᠠᠬᠢᠭᠤᠯᠤᠨ᠎ᠠ᠃

       ᠨᠤᠲᠤᠭ ᠪᠡᠯᠴᠢᠭᠡᠷ ᠪᠠ ᠡᠯᠡᠰᠦᠵᠢᠭᠰᠡᠨ ᠭᠠᠵᠠᠷ ᠤᠨ ᠰᠡᠷᠭᠦᠭᠡᠯᠲᠡ ᠶᠢ ᠥᠷᠨᠢᠭᠦᠯᠦᠨ᠎ᠡ᠃

       ᠭᠤᠣᠯ ᠨᠠᠭᠤᠷ ᠤᠨ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃

       ᠴᠢᠬᠤᠯᠠ ᠨᠤᠭᠤ ᠭᠠᠵᠠᠷ ᠤᠨ ᠬᠠᠮᠠᠭᠠᠯᠠᠯᠳᠠ ᠪᠠ ᠰᠡᠷᠭᠦᠭᠡᠯᠳᠡ ᠶᠢ ᠠᠬᠢᠭᠤᠯᠤᠨ᠎ᠠ᠃

       ᠮᠠᠯᠵᠢᠬᠤ ᠲᠠᠷᠢᠶᠠᠯᠠᠬᠤ ᠣᠷᠣᠨ ᠵᠠᠢ ᠶᠢᠨ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠦᠨ᠎ᠡ

       ᠪᠥᠬᠦ ᠬᠤᠲᠠ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ‌ᠵᠠᠰᠠᠯᠲᠠ ᠶᠢ ᠠᠬᠢᠭᠤᠯᠤᠨ᠎ᠠ᠃

       ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠴᠢᠩᠭᠠᠳᠬᠠᠨ᠎ᠠ᠃

       ᠬᠥᠷᠥᠰᠥ ᠰᠢᠷᠣᠢ ᠶᠢᠨ ᠢᠳᠡᠭᠳᠡᠯ ᠤᠨ ᠬᠡᠮᠵᠢᠶ᠎ᠡ ᠶᠢ ᠬᠢᠵᠠᠭᠠᠷᠯᠠᠨ᠎ᠠ᠃

       ᠮᠠᠯ ᠠᠵᠤ ᠠᠬᠤᠢ ᠶᠢᠨ ᠣᠷᠣᠨ ᠵᠠᠢ ᠶᠢᠨ ᠪᠡᠯᠴᠢᠭᠡᠷ ᠮᠠᠯ ᠤᠨ ᠲᠡᠩᠴᠡᠭᠦᠷᠢ ᠶᠢ ᠴᠢᠩᠭᠠᠷᠠᠭᠤᠯᠤᠨ᠎ᠠ᠃

       ᠠᠮᠢ ᠠᠬᠤᠢ ᠶᠢ ᠰᠡᠷᠭᠦᠭᠡᠬᠦ ᠣᠨᠴᠠᠯᠢᠭᠲᠤ ᠣᠷᠣᠨ ᠪᠦᠰᠡ ᠶᠢ ᠴᠤᠭᠴᠠᠯᠠᠨ᠎ᠠ

       ᠭᠠᠵᠠᠷ ᠤᠨ ᠲᠡᠮᠳᠡᠭᠲᠦ ᠴᠢᠨᠠᠷᠲᠠᠢ ᠣᠶ ᠰᠢᠭᠤᠢ ᠶᠢᠨ ᠠᠮᠢ ᠠᠬᠤᠢ ᠶᠢᠨ ᠵᠢᠭᠤᠯᠴᠢᠯᠠᠯ ᠤᠨ ᠡᠷᠡᠭᠦᠯᠵᠢᠯ ᠰᠤᠪᠢᠯᠠᠯᠳᠠ ᠶᠢᠨ ᠭᠠᠵᠠᠷ ᠢ ᠴᠤᠭᠴᠠᠯᠠᠨ᠎ᠠ᠃

       ᠴᠢᠨᠠᠷ ᠰᠠᠶᠢᠲᠠᠢ ᠣᠶ ᠰᠢᠭᠤᠢ ᠶᠢᠨ ᠠᠮᠢ ᠠᠬᠤᠢ ᠶᠢᠨ ᠪᠣᠬᠢᠷᠲᠤᠯ ᠦᠭᠡᠢ ᠢᠳᠡᠭᠡᠨ ᠪᠠ ᠡᠮ ᠤᠨ  ᠵᠦᠢᠯᠡᠰ ᠤᠨ ᠬᠠᠩᠭᠠᠯᠭ᠎ᠠ ᠶᠢᠨ ᠣ᠊ ᠷᠣᠨ ᠢ

ᠪᠠᠶᠢᠭᠤᠯᠤᠨ᠎ᠠ᠃

       ᠪᠥᠬᠦ ᠤᠯᠤᠰ ᠤᠨ ᠬᠠᠮᠤᠭ ᠤᠨ ᠲᠣᠮᠣ ᠤᠯᠤᠰ ᠤᠨ ᠦᠮᠴᠢᠯᠡᠯᠳᠦ ᠣᠶ ᠰᠢᠭᠤᠢ ᠶᠢᠨ ᠨᠡᠭᠦᠷᠡᠰᠦᠲᠥ᠋ᠷᠥᠭᠴᠢ ᠬᠤᠷᠠᠭᠤᠯᠤᠨ ᠨᠥᠭᠡᠴᠡᠯᠡᠬᠦ ᠰᠠᠭᠤᠷᠢᠨ ᠭᠠᠵᠠᠷ

ᠪᠠ ᠲᠥᠷᠥᠯ ᠵᠦᠢᠯ ᠤᠨ ᠨᠥᠭᠡᠴᠡᠯᠡᠬᠦ ᠣᠷᠣᠨ ᠢ ᠪᠠᠶᠢᠭᠤᠯᠤᠨ᠎ᠠ᠃

       5. ᠪᠠᠲᠤᠯᠠᠭ᠎ᠠ ᠶᠢᠨ ᠲᠣᠭᠲᠠᠴᠠ

       ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃

       ᠦᠨᠡᠯᠡᠨ ᠵᠢᠱᠢᠵᠦ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃

       ᠤᠯᠠᠨ ᠨᠡᠶᠢᠲᠡ ᠶᠢᠨ ᠣᠷᠣᠯᠴᠠᠬᠤ ᠶᠢ ᠬᠥᠲᠥᠯᠥᠨ ᠵᠢᠯᠤᠭᠤᠳᠤᠨ᠎ᠠ᠃

       ᠲᠥᠯᠦᠪᠵᠢᠭᠦᠯᠭᠡ ᠶᠢᠨ ᠳᠠᠮᠵᠢᠭᠤᠯᠭ᠎ᠠ ᠶᠢ ᠨᠠᠶᠢᠳᠠᠪᠤᠷᠢᠵᠢᠭᠤᠯᠤᠨ᠎ᠠ᠃

       ᠨᠡᠶᠢᠭᠡᠮ ᠤᠨ ᠣᠷᠣᠭᠤᠯᠤᠯᠲᠠ ᠶᠢ ᠵᠤᠷᠢᠭᠵᠢᠭᠤᠯᠤᠨ᠎ᠠ᠃

       ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠳᠡᠭᠡᠭᠰᠢᠯᠡᠭᠦᠯᠦᠨ᠎ᠡ᠃

 

ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ