ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠤᠨ ᠡᠳ᠋ ᠬᠥᠷᠥᠩᠭᠡ ᠶᠢ ᠬᠤᠪᠢᠶᠠᠷᠢᠯᠠᠨ ᠦᠭᠴᠦ ᠰᠢᠢᠳᠪᠦᠷᠢᠯᠡᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠴᠣᠬᠤᠯᠠᠪᠤᠷᠢ
ᠨᠡᠶᠢᠲᠡᠯᠡᠭᠰᠡᠨ ᠴᠠᠭ᠄
2024/3/26

                           ᠬᠦᠯᠦᠨ ᠵᠠᠰᠠᠭ ᠠᠯᠪᠠᠨ ᠥᠰᠥᠭ ﹇2024﹈ 10 ᠳ᠋ᠤᠭᠠᠷ ᠲᠣᠭᠠᠲᠤ

       ᠬᠤᠲᠠ ᠶᠢᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠲᠤ᠄

       ᠲᠠᠨ ᠤ ᠨᠢᠭᠡᠴᠢ ᠶᠢᠨ ᠭᠤᠶᠤᠴᠢᠯᠠᠭᠰᠠᠨ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠᠷ ᠳᠠᠮᠵᠢᠨ᠂

ᠭᠤᠶᠤᠴᠢᠯᠠᠯ ᠳᠤ ᠳᠤᠷᠠᠳᠤᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠶᠢᠨ ᠬᠠᠮᠲᠤ᠂ ᠬᠢᠨᠠᠨ ᠵᠥᠪᠰᠢᠶᠡᠷᠡᠭᠰᠡᠨ ᠡᠳ᠋ ᠬᠥᠷᠥᠩᠭᠡ ᠶᠢ ︽ᠬᠤᠪᠢᠶᠠᠷᠢᠯᠠᠨ ᠥᠭᠬᠦ︾

ᠬᠡᠯᠪᠡᠷᠢ ᠪᠠᠷ ᠰᠢᠢᠳᠪᠦᠷᠢᠯᠡᠬᠦ ᠶᠢ ᠵᠦᠪᠰᠢᠶᠡᠷᠡᠵᠦ ᠪᠠᠶᠢᠨ᠎ᠠ᠃ ᠲᠠᠨ ᠤ ᠨᠢᠭᠡᠴᠢ ︽ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋

ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 738

ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋

ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 257

ᠳ᠋ᠤᠭᠠᠷ ᠲᠣᠭᠠᠲᠤ︶ ᠵᠢᠴᠢ ᠬᠠᠮᠢᠶ᠎ᠠ ᠪᠦᠬᠦᠢ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠳᠦᠷᠢᠮ ᠤᠨ ᠲᠣᠭᠲᠠᠭᠠᠯ ᠶᠣᠰᠣᠭᠠᠷ ᠪᠣᠳᠠᠲᠠᠢ ᠡᠳ᠋ ᠬᠥᠷᠥᠩᠭᠡ ᠪᠠᠨ

ᠰᠢᠢᠳᠪᠦᠷᠢᠯᠡᠬᠦ ᠶᠠᠪᠤᠳᠠᠯ ᠢ ᠭᠦᠢᠴᠡᠳᠬᠡᠬᠦ ᠪᠠ ᠬᠤᠯᠪᠣᠭᠳᠠᠯ ᠪᠦᠬᠦᠢ ᠡᠳ᠋ ᠬᠥᠷᠥᠩᠭᠡ᠂ ᠪᠡᠯᠡ ᠮᠥᠩᠭᠦ ᠶᠢᠨ ᠲᠠᠩᠰᠠ ᠳᠤ ᠲᠣᠬᠢᠷᠠᠭᠤᠯᠤᠯᠲᠠ ᠬᠢᠲᠦᠭᠡᠢ᠃

      

       ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃

       ᠳᠠᠭᠠᠯᠳᠤᠭᠤᠯᠤᠯ᠄ ᠬᠢᠨᠠᠨ ᠵᠥᠪᠰᠢᠶᠡᠷᠡᠵᠦ ᠰᠢᠢᠳᠪᠦᠷᠢᠯᠡᠬᠦ ᠡᠳ᠋ ᠬᠥᠷᠥᠩᠭᠡ ᠶᠢᠨ ᠨᠠᠷᠢᠨ ᠳᠠᠩᠰᠠ

                                                               

                                                 2024 ᠣᠨ ᠤ 3 ᠰᠠᠷ᠎ᠠ ᠶᠢᠨ 14 ᠤ ᠡᠳᠦᠷ

       ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ