ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠲᠥᠷᠥᠯ ᠵᠦᠢᠯ ᠢᠶᠠᠷ ᠲᠠᠨᠢᠯᠴᠠᠭᠤᠯᠬᠤ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/3/27
       ︽ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠰᠤᠷᠭᠠᠨ ᠳᠡᠭᠡᠳᠦ ᠵᠤᠷᠭᠠᠨ ᠪᠢᠴᠢᠭ ︹2024︺ 1 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠠᠴᠠ ᠮᠡᠳᠡᠭᠦᠯᠬᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨᠠᠨ ᠲᠣᠭᠲᠠᠭᠠᠬᠤ ᠪᠠᠷ ᠳᠠᠮᠵᠢᠨ᠂ 5 ᠲᠥᠷᠥᠯ ᠵᠦᠢᠯ ᠢ ᠰᠤᠷᠭᠠᠨ ᠬᠥᠮᠦᠵᠢᠯ ᠤᠨ ᠶᠠᠮᠤᠨ ᠳᠤ ᠲᠠᠨᠢᠯᠴᠠᠭᠤᠯᠬᠤ ᠪᠠᠷ ᠲᠣᠭᠲᠠᠪᠠ᠃ ᠡᠳᠦᠭᠡ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ 2024 ᠣᠨ ᠤ 3 ᠰᠠᠷ᠎ᠠ ᠶᠢᠨ 21- 3 ᠰᠠᠷ᠎ᠠ ᠶᠢᠨ 27 ᠤ ᠡᠳᠦᠷ᠂ 5 ᠠᠵᠢᠯᠯᠠᠬᠤ ᠡᠳᠦᠷ ᠪᠣᠯᠤᠨ᠎ᠠ᠃       ᠳᠡᠭᠡᠷ᠎ᠡ ᠳᠤᠷᠠᠳᠤᠭᠰᠠᠨ ᠢᠯᠡ ᠨᠡᠶᠢᠲᠡᠯᠡᠯ ᠳᠤ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠲᠤᠰᠬᠠᠬᠤ ᠶᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠦᠨ᠎ᠡ᠃ ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠣᠯ᠂ ᠨᠢᠭᠡᠴᠢ ᠶᠢᠨ ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠷᠢᠯᠴᠠᠬᠤ ᠤᠲᠠᠰᠤ ᠶᠢ ᠬᠠᠩᠭᠠᠬᠤ ᠶᠢᠨ ᠬᠠᠮᠲᠤ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠦᠨ ᠤ ᠨᠡᠷ᠎ᠡ ᠪᠠᠷ ᠲᠤᠰᠬᠠᠭᠰᠠᠨ ᠪᠣᠯ᠂ ᠦᠨᠡᠨ ᠪᠣᠳᠠᠲᠠᠢ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯᠯᠠᠵᠤ ᠪᠠᠶᠢᠭ᠎ᠠ ᠨᠢᠭᠡᠴᠢ ᠪᠠ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠢ᠃ ᠮᠠᠨ ᠤ ᠲᠢᠩᠬᠢᠮ ᠠᠴᠠ ᠰᠠᠨᠠᠯ ᠳᠤᠷᠠᠳᠤᠭᠰᠠᠨ ᠨᠢᠭᠡᠴᠢ ᠪᠣᠯᠤᠨ ᠬᠤᠪᠢ ᠬᠥᠮᠦᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠲᠣᠭᠲᠠᠭᠠᠯ ᠪᠠ ᠱᠠᠭᠠᠷᠳᠠᠯᠭ᠎ᠠ ᠳᠤ ᠦᠯᠦ ᠨᠡᠶᠢᠴᠡᠭᠰᠡᠨ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃       ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ 606 ᠠᠯᠪᠠᠨ ᠭᠡᠷ᠂ ᠰᠢᠤᠳᠠᠨ ᠨᠣᠮᠧᠷ 010010᠂ ᠬᠠᠷᠢᠯᠴᠠᠬᠤ ᠤᠲᠠᠰᠤ᠄ 0471 - 2856629᠂ ᠢᠮᠧᠯ᠄ nmggjc@163.com              ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠲᠥᠷᠥᠯ ᠵᠦᠢᠯ ᠢᠶᠠᠷ ᠲᠠᠨᠢᠯᠴᠠᠭᠤᠯᠬᠤ ᠨᠡᠷᠡᠰ ᠤᠨ ᠢᠯᠡ ᠨᠡᠶᠢᠲᠡᠯᠡᠯ                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                              2024 ᠣᠨ ᠤ 3 ᠰᠠᠷ᠎ᠠ ᠶᠢᠨ 20 ᠤ ᠡᠳᠦᠷ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ