ᠸᠠᠩ ᠯᠢ ᠰᠢᠶᠠ ᠪᠣᠭᠤᠳᠤ ᠳᠤ ︽ᠬᠤᠪᠣᠷ ᠰᠢᠷᠤᠢ ᠶᠢᠨ ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/28
       3 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠸᠠᠩ ᠯᠢ ᠰᠢᠶᠠ ᠪᠣᠭᠤᠳᠤ ᠳᠤ ︽ᠬᠤᠪᠤᠷ ᠰᠢᠷᠤᠢ ᠶᠢᠨ ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃
20240328-1.jpg    
       ᠸᠠᠩ ᠯᠢ ᠰᠢᠶᠠ ᠮᠢᠩ ᠶᠠᠩ ᠡᠨᠧᠷᠭᠢ ᠶᠢᠨ ᠺᠤᠮᠫᠠᠨᠢ ᠳᠤ ᠬᠦᠷᠴᠦ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠢᠯᠡᠳᠪᠦᠷᠢᠯᠡᠬᠦ᠂ ᠤᠭᠰᠠᠷᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠨᠢ ᠪᠦᠭᠦ ᠪᠥᠮᠪᠥᠷᠴᠡᠭ ᠤᠨ ᠠᠩᠬᠠᠳᠠᠭᠴᠢ ᠪᠠᠭᠤᠷᠠᠨ ᠵᠠᠳᠠᠷᠠᠵᠤ ᠪᠤᠯᠬᠤ ᠡᠭᠡᠭᠦᠯᠦᠨ ᠬᠤᠷᠢᠶᠠᠵᠤ ᠪᠤᠯᠬᠤ ᠰᠠᠯᠬᠢᠨ ᠬᠦᠴᠦᠨ ᠤ ᠴᠠᠭᠢᠯᠭᠠᠨ ᠤ ᠮᠠᠰᠢᠨ ᠤ ᠰᠠᠷᠭᠢᠷᠠᠭᠤᠷ ᠰᠤᠳᠤᠯᠤᠨ ᠦᠢᠯᠡᠳᠦᠭᠰᠡᠨ ᠢ ᠣᠶᠢᠯᠠᠭᠠᠭᠠᠳ᠂ ᠲᠡᠷᠡ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠡᠴᠦᠰ ᠤᠨ ᠦᠢᠯᠡᠳᠬᠦᠨ ᠢ ᠲᠥᠯᠥᠪᠵᠢᠭᠦᠯᠦᠨ ᠪᠠᠶᠢᠷᠢᠰᠢᠭᠤᠯᠵᠤ᠂ ᠡᠭᠡᠭᠦᠯᠦᠨ ᠬᠤᠷᠢᠶᠠᠵᠤ ᠲᠠᠭᠢᠨ ᠠᠰᠢᠭᠯᠠᠬᠤ ᠶᠢ ᠰᠢᠨ᠎ᠡ ᠠᠵᠤ ᠦᠢᠯᠡᠰ ᠪᠤᠯᠭᠠᠬᠤ ᠬᠡᠷᠡᠭᠲᠡᠢ ᠭᠡᠵᠦ ᠵᠠᠬᠢᠪᠠ᠃       ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠮᠠᠰᠢᠨ ᠮᠧᠬᠠᠨᠢᠭ ᠬᠦᠷᠴᠢᠭᠢᠨᠡᠵᠦ ᠪᠠᠶᠢᠯ᠎ᠠ᠂ ᠸᠠᠩ ᠯᠢ ᠰᠢᠶᠠ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠦᠨᠡᠨ ᠪᠣᠳᠠᠲᠠᠢ ᠳᠡᠮᠵᠢᠯᠭᠡ ᠦᠵᠡᠭᠦᠯᠵᠦ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠠᠬᠢᠪᠠ᠃ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ᠂ ᠲᠡᠷᠡ ᠠᠵᠤ ᠠᠬᠤᠶᠢᠯᠠᠯ ᠤᠨ ᠲᠣᠭᠤᠷᠢᠨ ᠳᠤ ᠰᠤᠳᠤᠯᠤᠨ ᠨᠡᠭᠡᠭᠡᠯᠲᠡ ᠬᠢᠵᠦ᠂ ᠨᠡᠭᠡᠭᠡᠯᠲᠡ ᠬᠢᠬᠦ ᠰᠡᠳᠬᠢᠬᠦᠢ ᠪᠠ ᠠᠭᠤᠳᠠᠮᠴᠢ ᠰᠡᠳᠬᠢᠯᠭᠡ ᠪᠠᠷ ᠨᠠᠩ ᠣᠯᠠᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠲᠡᠳᠡᠨ ᠣᠷᠣᠯᠴᠠᠭᠤᠯᠵᠤ᠂ ︽ᠥᠨᠳᠦᠷᠯᠢᠭ ᠭᠠᠵᠠᠷ︾ ᠲᠤ ᠯᠠᠪᠳᠠᠭᠤᠨ ᠵᠣᠭᠰᠣᠵᠤ᠂ ᠳᠠᠭᠢᠨ ︽ᠨᠣᠶᠠᠨ ᠣᠷᠭᠢᠯ︾ ᠳᠤ ᠮᠠᠴᠤᠬᠤ ᠬᠡᠷᠡᠭᠲᠡᠢ ᠭᠡᠵᠦ ᠱᠠᠭᠠᠷᠳᠠᠪᠠ᠃       ᠸᠠᠩ ᠯᠢ ᠰᠢᠶᠠ ᠪᠠᠶᠠᠨ ᠲᠡᠮᠦᠷ ᠤᠨ ᠠᠭᠤᠷᠬᠠᠢ᠂ ᠤᠮᠠᠷᠠᠲᠤ ᠶᠢᠨ ᠬᠤᠪᠣᠷ ᠰᠢᠷᠣᠢ᠂ ᠶᠢᠩ ᠰᠧ ᠲᠧ ᠬᠤᠪᠣᠷ ᠰᠣᠷᠢᠨᠵᠢᠨ ᠪᠣᠯᠣᠨ ᠰᠢᠩ ᠪᠦᠸᠧ ᠬᠥᠳᠡᠯᠭᠡᠬᠦ ᠬᠦᠴᠦᠨ ᠤ ᠺᠤᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠢᠨ ᠢ ᠮᠠᠯᠲᠠᠬᠤ ᠪᠠ ᠦᠢᠯᠡᠳᠪᠦᠷᠢᠯᠡᠬᠦ ᠣᠶᠤᠨᠴᠢᠯᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠳᠠ ᠦᠭᠡᠢ ᠤᠷᠲᠤᠳᠬᠠᠵᠤ᠂ ᠠᠵᠤ ᠦᠢᠯᠡᠰ ᠤᠨ ᠴᠤᠭᠯᠠᠷᠠᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ ᠵᠠᠬᠢᠪᠠ᠃       ᠠᠬᠤᠢ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ᠂ ᠸᠠᠩ ᠯᠢ ᠰᠢᠶᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ︽ᠠᠭᠤᠷᠬᠠᠢ︾ ᠠᠴᠠ ︽ᠬᠤᠪᠣᠷ ᠰᠢᠷᠣᠢ︾ ᠪᠤᠯᠬᠤ᠂ ︽ᠬᠤᠪᠣᠷ ᠰᠢᠷᠣᠢ︾ ᠠᠴᠠ ︽ᠮᠠᠲ᠋ᠧᠷᠢᠶᠠᠯ︾ ᠪᠤᠯᠬᠤ᠂ ︽ᠮᠠᠲ᠋ᠧᠷᠢᠶᠠᠯ︾ ᠠᠴᠠ ︽ᠬᠡᠷᠡᠭᠯᠡᠭᠡᠨ ᠤ ᠵᠦᠢᠯ︾ ᠪᠤᠯᠬᠤ ᠭᠤᠷᠪᠠᠨ ᠠᠵᠢᠯ ᠢ ᠰᠠᠶᠢᠲᠤᠷ ᠬᠢᠵᠦ᠂ ᠪᠦᠭᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠣᠨ ᠪᠦᠭᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠭᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠲᠡᠷᠢᠭᠦᠨ ᠤ ᠦᠢᠯᠡᠳᠬᠦ ᠦᠢᠯᠡᠰ ᠤᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ︾ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠰᠡᠳᠬᠢᠬᠦᠢ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠳᠡᠭᠡᠷ᠎ᠡ ᠬᠦᠴᠦ ᠲᠠᠯᠪᠢᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ︽ᠰᠡᠳᠬᠢᠯ ᠬᠠᠨᠤᠮᠵᠢᠲᠠᠶ ᠪᠠᠶᠢᠯᠭᠠᠬᠤ᠂ ᠰᠠᠨᠠᠭ᠎ᠠ ᠠᠮᠤᠷ ᠪᠠᠶᠢᠯᠭᠠᠬᠤ︾ ᠨᠠᠷᠠᠲᠤ ᠲᠡᠮᠳᠡᠭ ᠢ ᠦᠷᠭᠦᠯᠵᠢᠯᠡᠨ ᠭᠢᠯᠠᠯᠵᠠᠭᠤᠯᠵᠤ᠂ ᠣᠮᠤᠭ ᠲᠡᠭᠦᠯᠳᠡᠷ ᠢᠶᠠᠷ ᠠᠵᠤ ᠠᠬᠤᠶᠢᠯᠠᠯ ᠳᠤ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠴᠦ᠂ ᠵᠠᠬ᠎ᠠ ᠳᠡᠯᠭᠡᠭᠦᠷ ᠣᠯᠭᠤᠵᠤ ᠥᠭᠴᠦ᠂ ᠬᠡᠯᠬᠢᠶ᠎ᠡ ᠪᠦᠷᠢ ᠶᠢᠨ ᠬᠠᠮᠲᠤᠷᠠᠯᠴᠠᠭ᠎ᠠ᠂ ᠭᠤᠭᠴᠤᠭ᠎ᠠ ᠪᠦᠷᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠤᠰᠬᠠᠢ ᠵᠠᠰᠠᠯᠲᠠ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠪᠡ᠃       ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ