ᠬᠥᠯᠥᠨ ᠪᠤᠶᠢᠷ ᠲᠤ ︽ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠩᠴᠢᠨ ᠤ ᠰᠢᠨ᠎ᠡ ᠲᠣᠰᠬᠤᠨ︾ ᠪᠠᠶᠢᠳᠠᠭ
ᠨᠡᠶᠢᠲᠡᠯᠡᠭᠰᠡᠨ ᠴᠠᠭ᠄
2024/3/29
       ᠵᠢᠯ ᠪᠦᠷᠢ ᠶᠢᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠮᠡᠳᠡᠭᠳᠡᠬᠦ ᠡᠳᠦᠷ ᠤᠳᠠᠬᠤ ᠦᠭᠡᠢ ᠬᠦᠷᠴᠦ ᠢᠷᠡᠬᠦ ᠭᠡᠵᠦ ᠪᠤᠢ᠂ ᠡᠨᠡ ᠡᠳᠦᠷ ᠢ ᠬᠥᠯᠥᠨ ᠪᠤᠶᠢᠷ ᠬᠤᠳᠠ ᠶᠢᠨ ᠠᠷᠤᠨ ᠬᠤᠰᠢᠭᠤᠨ ᠤ ᠶᠢᠨ ᠾᠧ ᠰᠢᠶᠠᠩ ᠤᠨ ᠠᠩᠴᠢᠨ ᠤ ᠰᠢᠨ᠎ᠡ ᠲᠣᠰᠬᠤᠨ ᠤ ᠨᠠᠮ ᠤᠨ ᠡᠭᠦᠷ ᠤᠨ ᠱᠦᠵᠢ ᠦ᠋ ᠰᠢᠶᠣᠣ ᠵᠢᠤᠸᠠᠨ ᠮᠠᠰᠢ ᠬᠦᠰᠡᠨ ᠬᠦᠯᠢᠶᠡᠵᠦ ᠪᠠᠶᠢᠯ᠎ᠠ᠃ ᠨᠢᠳᠤᠨᠤᠨ ᠤᠷᠢᠯᠭ᠎ᠠ ᠪᠠᠷ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ 40 ᠳ᠋ᠦ᠋ᠭᠡᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠬᠰᠠᠨ ᠪᠠᠶᠢᠳᠠᠯ ᠨᠢ ᠲᠡᠭᠦᠨ ᠳᠤ ᠥᠪᠡᠷ ᠤᠨ ᠡᠷᠬᠡ ᠦᠭᠡᠢ ᠪᠤᠲᠤᠬᠲᠠᠨ᠎ᠠ᠃       ︽1998 ᠣᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠣᠨᠴᠠ ᠶᠡᠭᠡ ᠦᠶᠡᠷ ᠤᠨ ᠭᠠᠮᠰᠢᠭ ᠲᠤ ᠸᠧᠢ ᠭᠦ᠋ ᠴᠢ ᠠᠩᠴᠢᠨ ᠤ ᠲᠣᠰᠬᠤᠨ ᠤ 80% ᠤᠨ ᠭᠡᠷ ᠪᠠᠶᠢᠰᠢᠩ ᠪᠠ ᠰᠠᠶᠢᠨ ᠲᠠᠷᠢᠶᠠᠨ ᠭᠠᠵᠠᠷ ᠡᠪᠳᠡᠭᠳᠡᠵᠦ᠂ ᠰᠠᠶ᠋ᠢᠬᠠᠨ ᠠᠪᠠ ᠶᠢᠨ ᠫᠤᠤ ᠪᠠᠨ ᠲᠠᠯᠪᠢᠵᠤ ᠲᠠᠷᠢᠶᠠᠯᠠᠬᠤ ᠦᠢᠯᠡᠳᠪᠦᠷᠢᠯᠡᠯ ᠡᠷᠭᠢᠯᠡᠭᠰᠡᠨ ᠲᠣᠰᠬᠤᠨ ᠤ ᠠᠷᠠᠳ ᠤᠨ ᠠᠮᠢᠳᠤᠷᠠᠯ ᠢ ᠲᠤᠶᠢᠯ ᠤᠨ ᠬᠦᠴᠢᠷ ᠪᠣᠯᠭᠠᠵᠠᠢ᠃ ᠪᠢᠳᠡᠨ ᠢ ᠪᠠᠴᠢᠮᠳᠠᠨ ᠵᠣᠪᠠᠵᠤ ᠪᠠᠶᠢᠭᠰᠠᠨ ᠦᠶ᠎ᠡ ᠳᠤ᠂ ᠬᠡᠳᠦᠨ ᠮᠢᠩᠭᠠᠨ ᠭᠠᠵᠠᠷ ᠤᠨ ᠲᠡᠷᠲᠡᠭᠡ ᠪᠠᠶᠢᠭ᠎ᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠳ ᠬᠤᠵᠢᠳ 45 ᠲᠦᠮᠡᠨ ᠲᠥᠭᠦᠷᠢᠭ ᠲᠤᠰᠠᠯᠠᠨ ᠪᠠᠴᠢᠮ ᠪᠠᠶᠢᠳᠠᠯ ᠢ ᠰᠢᠢᠳᠪᠦᠷᠢᠯᠡᠵᠦ᠂ ᠵᠠᠭᠤᠨ ᠡᠷᠦᠭᠡ ᠳᠠᠭᠤᠷ ᠪᠣᠯᠣᠨ ᠡᠸᠡᠩᠬᠢ ᠠᠩᠴᠢᠨ ᠤ ᠣᠷᠣᠨ ᠰᠠᠭᠤᠴᠠ ᠶᠢ ᠲᠥᠪᠬᠢᠨᠡᠭᠦᠯᠵᠦ ᠪᠢᠳᠡᠨ ᠤ ᠲᠠᠷᠢᠶᠠᠯᠠᠬᠤ ᠬᠦᠰᠡᠯ ᠵᠡᠭᠦᠳᠦ ᠶᠢ ᠳᠠᠬᠢᠨᠲᠠ ᠲᠡᠷᠭᠡᠯᠰᠢᠭᠦᠯᠦᠭᠰᠡᠨ᠂ ᠲᠡᠭᠦᠨ ᠠᠴᠠ ᠬᠤᠶᠢᠰᠢ ᠮᠠᠨ ᠤ ᠲᠣᠰᠬᠤᠨ ︿ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠩᠴᠢᠨ ᠤ ᠰᠢᠨ᠎ᠡ ᠲᠣᠰᠬᠤᠨ﹀ ᠭᠡᠬᠦ ᠪᠠᠰᠠ ᠨᠢᠭᠡᠨ ᠰᠢᠨ᠎ᠡ ᠨᠡᠷ᠎ᠡ ᠲᠠᠢ ᠪᠣᠯᠪᠠ᠃ ᠨᠠᠮ ᠤᠨ ᠰᠠᠶᠢᠨ ᠲᠦᠷᠦ ᠶᠢᠨ ᠪᠣᠳᠣᠯᠭ᠎ᠠ ᠮᠠᠨ ᠤ ᠠᠩᠴᠢᠳ ᠲᠤ ᠰᠢᠨ᠎ᠡ ᠠᠮᠢᠳᠤᠷᠠᠯ ᠢ ᠠᠪᠴᠢᠷᠠᠵᠤ ᠥᠭᠭᠦᠭᠰᠡᠨ ᠳᠤ ᠪᠢᠳᠠ ᠲᠠᠯᠠᠷᠬᠠᠵᠤ ᠪᠠᠶᠢᠬᠤ ᠪᠥᠭᠡᠳ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ 30 ᠲᠦᠮᠡᠨ ᠠᠬ᠎ᠠ ᠳᠡᠭᠦᠦ ᠨᠠᠷ ᠲᠤ 25 ᠵᠢᠯ ᠬᠤᠵᠢᠮᠳᠠᠵᠤ ᠢᠷᠡᠭᠰᠡᠨ ᠲᠠᠯᠠᠷᠬᠠᠯ ᠢᠶᠠᠨ ᠢᠯᠡᠳᠬᠡᠶ᠎ᠡ︕ ᠲᠠ ᠨᠠᠷ ᠤᠨ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ︕︾ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠬᠤᠭᠤᠴᠠᠭᠠᠨ ᠳᠠᠬᠢ ᠭᠤᠣᠯ ᠰᠡᠳᠦᠪᠲᠦ ᠦᠯᠢᠭᠡᠷ ᠤᠨ ᠬᠤᠷᠠᠯ ᠳᠡᠭᠡᠷ᠎ᠡ᠂ ᠦ᠋ ᠰᠢᠶᠣᠣ ᠵᠢᠤᠸᠠᠨ ᠬᠡᠯᠡᠵᠦ ᠪᠠᠷᠠᠭᠰᠠᠨ ᠤ ᠳᠠᠷᠠᠭ᠎ᠠ ᠭᠦᠨ ᠶᠣᠰᠣᠯᠠᠬᠤ ᠳᠤ᠂ ᠲᠤᠬᠠᠢ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ᠃       20 ᠭᠠᠷᠤᠢ ᠵᠢᠯ ᠤᠨ ᠡᠮᠦᠨᠡᠬᠢ ᠣᠨᠴᠠ ᠶᠡᠭᠡ ᠦᠶᠡᠷ ᠡᠨᠡ ᠬᠦ 100 ᠭᠠᠷᠤᠢ ᠠᠩᠴᠢᠨ ᠡᠷᠦᠭᠡ ᠲᠠᠢ ᠸᠧᠢ ᠭᠦ᠋ ᠴᠢ ᠵᠢᠵᠢᠭ ᠲᠣᠰᠬᠤᠨ ᠢ ᠭᠠᠮᠰᠢᠭᠳᠠᠭᠤᠯᠪᠠ᠃ ᠬᠦᠴᠢᠷᠳᠡᠯ ᠲᠠᠢ ᠦᠶ᠎ᠡ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠲᠤᠰᠠᠯᠠᠮᠵᠢ ᠦᠵᠡᠭᠦᠯᠵᠦ᠂ ᠲᠤᠬᠠᠢ ᠶᠢᠨ ᠵᠢᠯ ᠳᠤ ᠰᠢᠨ᠎ᠡ ᠰᠠᠭᠤᠷᠢᠨ ᠳᠤ 98 ᠲᠡᠭᠰᠢ ᠳᠥᠷᠪᠡᠯᠵᠢᠨ ᠮᠸᠲᠷ ᠪᠦᠬᠦᠢ ᠲᠣᠭᠤᠰᠬᠠᠨ ᠪᠠᠶᠢᠰᠢᠩ ᠢ 27 ᠪᠠᠶᠢᠭᠤᠯᠵᠤ ᠥᠭᠭᠦᠭᠰᠡᠨ ᠪᠥᠭᠡᠳ ᠡᠮᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠸᠧᠢ ᠭᠦ᠋ ᠴᠢ ᠲᠣᠰᠬᠤᠨ ᠳᠤ ᠬᠦᠷᠴᠦ᠂ ᠬᠦᠰᠡᠯ ᠡᠷᠡᠮᠡᠯᠵᠡᠯ ᠢᠶᠠᠷ ᠪᠢᠯᠬᠠᠭᠰᠠᠨ ︽ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠩᠴᠢᠨ ᠤ ᠰᠢᠨ᠎ᠡ ᠲᠣᠰᠬᠤᠨ︾  ᠢ ᠪᠠᠶᠢᠭᠤᠯᠵᠠᠢ᠃       ᠤᠯᠠᠨ ᠵᠢᠯ ᠤᠨ ᠲᠤᠷᠰᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠠᠩᠴᠢᠨ ᠤ ᠰᠢᠨ᠎ᠡ ᠲᠣᠰᠬᠤᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠭᠠᠷ ᠬᠤᠯᠪᠣᠨ ᠬᠠᠮᠲᠤ ᠪᠠᠷ ᠪᠠᠶᠢᠭᠤᠯᠵᠤ᠂ ᠰᠢᠨ᠎ᠡ ᠲᠣᠰᠬᠤᠨ ᠢ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠪᠦᠭᠦ ᠬᠦᠴᠦᠨ ᠢᠶᠠᠷ ᠢᠶᠠᠨ ᠳᠡᠮᠵᠢᠯᠭᠡ ᠦᠵᠡᠭᠦᠯᠵᠡᠢ᠃       ᠣᠳᠣᠬᠠᠨ ᠳᠤ ᠲᠣᠰ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠨᠢ 15 ᠲᠦᠮᠡᠨ ᠲᠥᠭᠦᠷᠢᠭ ᠲᠤ ᠬᠦᠷᠴᠦ᠂ 104 ᠡᠷᠦᠭᠡ ᠶᠢᠨ ᠳᠣᠲᠣᠷᠠᠬᠢ 30 ᠭᠠᠷᠤᠢ ᠡᠷᠦᠭᠡ ᠨᠢ ᠮᠠᠰᠢᠨ ᠲᠡᠷᠭᠡ ᠬᠤᠳᠠᠯᠳᠤᠨ ᠠᠪᠴᠤ᠂ 17 ᠡᠷᠦᠭᠡ ᠨᠢ ᠪᠠᠯᠭᠠᠰᠤᠨ ᠠᠴᠠ ᠰᠤᠷᠭᠠᠭᠤᠯᠢ ᠶᠢᠨ ᠲᠣᠭᠤᠷᠢᠭ ᠤᠨ ᠭᠡᠷ ᠪᠠᠶᠢᠰᠢᠩ ᠬᠤᠳᠠᠯᠳᠤᠨ ᠠᠪᠴᠠᠢ᠃       20 ᠭᠠᠷᠤᠢ ᠵᠢᠯ ᠤᠨ ᠲᠤᠷᠰᠢ ᠠᠩᠴᠢᠨ ᠤ ᠲᠣᠰᠬᠤᠨ ᠤ ᠠᠬ᠎ᠠ ᠳᠡᠭᠦᠦ ᠨᠠᠷ ᠬᠠᠮᠤᠭ ᠤᠨ ᠪᠣᠷᠣᠭᠵᠢᠭᠤᠨ ᠦᠢᠯᠡ ᠠᠵᠢᠯᠯᠠᠭ᠎ᠠ ᠪᠠᠷ ᠢᠶᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠵᠣᠷᠢᠭ ᠢᠶᠠᠨ ᠢᠯᠡᠳᠬᠡᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠳᠤ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠣᠷᠣᠯᠴᠠᠵᠤ᠂ ᠴᠢᠩ ᠦᠨᠡᠨᠴᠢ ᠰᠡᠳᠬᠢᠯ ᠢᠶᠠᠷ ᠢᠶᠠᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠲᠠᠢ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠤᠷᠤᠭᠰᠢᠯᠠᠨ᠎ᠠ᠄ 2015 ᠣᠨ ᠳᠤ ︽ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠩᠴᠢᠨ ᠤ ᠰᠢᠨ᠎ᠡ ᠲᠣᠰᠬᠤᠨ︾ ᠠᠴᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ 200 ᠭᠠᠷᠤᠢ ᠬᠠᠶᠢᠷᠴᠠᠭ ᠪᠣᠬᠢᠷᠳᠤᠯ ᠦᠭᠡᠢ ᠴᠢᠨᠠᠷ ᠰᠠᠶᠢᠲᠠᠢ ᠭᠤᠯᠢᠷ ᠬᠠᠨᠳᠢᠪᠯᠡᠵᠤ᠂ ᠸᠧᠢ ᠭᠦ᠋ ᠴᠢ ᠲᠣᠰᠬᠤᠨ ᠤ ︽ᠲᠠᠷᠢᠶᠠᠯᠠᠬᠤ ᠵᠡᠭᠦᠳᠦ︾ ᠶᠢ ᠡᠷᠢᠯᠬᠢᠯᠡᠭᠰᠡᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠡᠢ᠃       2021 ᠣᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠠᠪᠤᠴᠠ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ  ᠬᠢᠨ ᠲᠣᠰᠬᠤᠨ ᠤ ᠠᠷᠠᠳ ᠲᠤ 5000 ᠲᠥᠭᠦᠷᠢᠭ ᠤᠨ ᠦᠷᠳᠡᠭ ᠪᠦᠬᠦᠢ ᠲᠠᠷᠢᠶᠠᠯᠠᠩ ᠤᠨ ᠬᠠᠮᠢᠶᠠᠲᠠᠢ ᠨᠣᠮ ᠪᠢᠴᠢᠭ ᠢ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠤᠨ ᠪᠡᠯᠡ ᠮᠥᠩᠭᠦ ᠶᠢ 100 ᠲᠦᠮᠡᠨ ᠲᠥᠭᠦᠷᠢᠭ ᠥᠭᠴᠦ᠂ ᠸᠧᠢ ᠭᠦ᠋ ᠴᠢ ᠠᠩᠴᠢᠨ ᠤ  ᠲᠣᠰᠬᠤᠨ ᠢ ᠬᠠᠪᠰᠤᠷᠤᠨ ᠣᠷᠣᠨ ᠰᠠᠭᠤᠴᠠ ᠶᠢᠨ ᠨᠥᠬᠦᠴᠡᠯ ᠢ ᠥᠭᠡᠷᠡᠴᠢᠯᠡᠬᠦ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠵᠡᠷᠭᠡ ᠲᠠᠯ᠎ᠠ ᠪᠠᠷ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠡᠢ᠃       ︽ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠥᠭᠵᠢᠯ ᠴᠡᠴᠡᠭᠯᠡᠯ ᠨᠢ ᠮᠠᠨ ᠤ ᠠᠩᠴᠢᠨ ᠤ ᠰᠢᠨ᠎ᠡ ᠲᠣᠰᠬᠤᠨ ᠤ ᠬᠥᠭᠵᠢᠯ ᠴᠡᠴᠡᠭᠯᠡᠯ ᠲᠠᠢ ᠨᠢᠭᠲᠠ ᠬᠤᠯᠪᠤᠭ᠎ᠠ ᠲᠠᠢ ᠶᠤᠮ᠂  20 ᠭᠠᠷᠤᠢ ᠵᠢᠯ ᠤᠨ ᠲᠤᠷᠰᠢ ᠪᠢ ᠵᠢᠯ ᠪᠦᠷᠢ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠢᠷᠡᠵᠤ᠂ ᠤᠳᠠᠭ᠎ᠠ ᠪᠦᠷᠢ ᠦᠢᠯᠡᠳᠪᠦᠷᠢ ᠶᠢᠨ ᠲᠠᠰᠤᠭ ᠢᠶᠠᠷ ᠶᠠᠪᠤᠳᠠᠭ᠃ ᠡᠳᠦᠷ ᠢᠷᠡᠬᠦᠶ᠎ᠡ ᠰᠢᠨᠡᠳᠴᠦ ᠪᠠᠶᠢᠭ᠎ᠠ ᠰᠢᠨ᠎ᠡ ᠬᠥᠭᠵᠢᠯᠲᠡ᠂ ᠰᠢᠨ᠎ᠡ ᠬᠤᠪᠢᠷᠠᠯᠲᠠ ᠶᠢ ᠣᠯᠵᠤ ᠬᠠᠷᠠᠭᠠᠳ ᠦᠨᠡᠬᠡᠷ ᠪᠠᠶᠠᠷᠯᠠᠵᠤ ᠪᠠᠶᠢᠨ᠎ᠠ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠤᠯᠠᠮ ᠠᠴᠠ ᠤᠯᠠᠮ ᠰᠠᠶᠢᠨ ᠪᠤᠯᠬᠤ ᠶᠢ ᠬᠦᠰᠡᠵᠦ ᠪᠠᠶᠢᠨ᠎ᠠ︕︾  ᠭᠡᠵᠦ ᠦ᠋ ᠰᠢᠶᠣᠣ ᠵᠢᠤᠸᠠᠨ ᠢᠯᠡᠳᠬᠡᠪᠡ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ