ᠰᠢᠷ᠎ᠠ ᠪᠤᠷᠴᠠᠭ ᠤᠨ ᠠᠵᠤ ᠦᠢᠯᠡᠰ ᠤᠨ ︽ᠢᠯᠲᠠᠰᠤ︾ ᠶᠢ ᠴᠢᠩᠭ᠎ᠠ ᠡᠵᠡᠮᠳᠡᠨ᠎ᠡ
ᠨᠡᠶᠢᠲᠡᠯᠡᠭᠰᠡᠨ ᠴᠠᠭ᠄
2024/3/29
       ᠰᠤᠷᠪᠤᠯᠵᠢᠯᠠᠬᠴᠢ ᠣᠶᠢᠷ᠎ᠠ ᠶᠢᠨ ᠡᠳᠦᠷ ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠯᠥᠨ ᠪᠤᠶᠢᠷ ᠵᠦᠩ ᠨᠦᠩ ᠦᠷ᠎ᠡ ᠶᠢᠨ ᠦᠢᠯᠡᠰ ᠤᠨ ᠬᠢᠵᠠᠭᠠᠷᠲᠤ ᠺᠤᠮᠫᠠᠨᠢ ᠳᠤ᠂ ᠠᠯᠳᠠᠨ ᠰᠢᠷᠭᠠᠯ ᠥᠩᠭᠡ ᠭᠢᠯᠠᠯᠵᠠᠭᠰᠠᠨ ᠰᠢᠷ᠎ᠠ ᠪᠤᠷᠴᠠᠭ ᠤᠨ ᠦᠷ᠎ᠡ ᠳᠠᠪᠬᠤᠷ ᠳᠠᠪᠬᠤᠷ ︽ᠪᠣᠭᠤᠮᠲᠠ︾ ᠪᠠᠷ ᠥᠩᠭᠡᠷᠡᠵᠦ᠂ ᠳᠠᠮᠵᠢᠭᠤᠯᠬᠤ ᠪᠦᠰᠡ ᠪᠠᠷ ᠳᠠᠮᠵᠢᠨ ᠤᠭᠤᠲᠠᠨ ᠳᠤ ᠣᠷᠣᠵᠤ᠂ ᠳᠠᠭᠢᠨ ᠠᠵᠢᠯᠴᠢᠨ ᠤᠭᠤᠲᠠᠨ ᠠᠮᠠᠰᠠᠷ ᠢ ᠪᠢᠲᠡᠭᠦᠯᠡᠵᠦ᠂ ᠤᠭᠤᠲᠠᠯᠠᠭᠰᠠᠨ ᠦᠷ᠎ᠡ ᠨᠢ ᠳᠠᠷᠠᠭ᠎ᠠ ᠨᠢᠭᠡ ᠭᠤᠭᠴᠤᠭ᠎ᠠ ᠳᠤ ᠬᠦᠷᠭᠡᠭᠳᠡᠵᠦ᠂ ᠲᠣᠭᠲᠠᠭᠰᠠᠨ ᠣᠷᠣᠨ ᠳᠤ ᠳᠡᠷᠢ ᠲᠡᠭᠰᠢ ᠲᠠᠯᠪᠢᠭᠳᠠᠵᠤ ᠪᠠᠶᠢᠬᠤ ᠶᠢ ᠣᠯᠵᠤ ᠬᠠᠷᠠᠪᠠ᠃ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ᠂ ᠡᠨᠡ ᠬᠦ ᠠᠵᠤ ᠠᠬᠤᠶᠢᠯᠠᠯ ᠲᠠᠷᠢᠶᠠᠴᠢᠳ ᠲᠤ 5000 ᠲᠣᠨ ᠰᠢᠷ᠎ᠠ ᠪᠤᠷᠴᠠᠭ ᠤᠨ ᠦᠷ᠎ᠡ ᠬᠠᠩᠭᠠᠬᠤ ᠪᠠᠷ ᠪᠤᠢ᠃       ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠴᠢᠩ ᠭᠦᠸᠧ᠄ ︽ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠨᠠᠮ ᠪᠠ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠤᠯᠠᠮ ᠢᠶᠠᠷ ᠣᠯᠠᠰᠢᠷᠠᠵᠤ᠂ ᠤᠯᠠᠮ ᠢᠶᠠᠷ ᠰᠠᠶᠢᠵᠢᠷᠠᠵᠤ ᠪᠠᠶᠢᠬᠤ ᠶᠢ ᠦᠵᠡᠭᠡᠳ᠂ ᠪᠢ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ ᠰᠣᠩᠭᠤᠪᠠ᠃ ᠤᠷᠢᠳ ᠬᠤᠵᠢᠳ ᠰᠢᠷ᠎ᠠ ᠪᠤᠷᠴᠠᠭ ᠤᠨ ᠲᠠᠷᠢᠮᠠᠯ ᠲᠡᠵᠢᠭᠡᠪᠦᠷᠢ ᠶᠢᠨ ᠲᠤᠰᠬᠠᠢ ᠬᠤᠷᠰᠢᠶ᠎ᠠ᠂ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠵᠥᠩ ᠨᠦᠩ ᠦᠷ᠎ᠡ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢ ᠪᠠᠶᠢᠭᠤᠯᠪᠠ᠃ ᠪᠢ ᠨᠠᠩ ᠴᠢᠷᠮᠠᠶᠢᠨ ᠠᠵᠢᠯᠯᠠᠵᠤ᠂ ᠦᠷ᠎ᠡ ᠶᠢᠨ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠪᠡ᠃       ᠤᠯᠤᠰ ᠤᠨ ᠴᠢᠬᠤᠯᠠ ᠲᠠᠸᠠᠷ ᠤᠨ ᠠᠮᠤ ᠶᠢᠨ ᠰᠠᠭᠤᠷᠢᠨ ᠪᠣᠯᠤᠭᠰᠠᠨ ᠤ ᠬᠤᠪᠢ ᠳᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠠᠮᠤ ᠪᠤᠳᠠᠭᠠᠨ ᠤ ᠠᠮᠤᠷ ᠲᠦᠪᠰᠢᠨ ᠭᠡᠬᠦ ᠡᠨᠡ ᠬᠦ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠪᠦᠭᠦ ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ ᠤᠯᠤᠰ ᠤᠨ ᠲᠡᠰ ᠤᠨ ᠰᠠᠶᠢᠨ ᠦᠷ᠎ᠡ ᠪᠣᠶᠢᠵᠢᠭᠤᠯᠬᠤ ᠲᠣᠮᠣ ᠰᠢᠶᠠᠨ ᠤ ᠲᠦᠷᠦᠯ ᠲᠡᠮᠳᠡᠭ ᠢ ᠲᠠᠰᠤᠷᠠᠯᠳᠠ ᠦᠭᠡᠢ ᠭᠢᠯᠠᠯᠵᠠᠭᠤᠯᠪᠠ᠃ 2019 ᠣᠨ ᠠᠴᠠ ᠡᠬᠢᠯᠡᠨ᠂ ᠤᠯᠤᠰ ᠠᠴᠠ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠷ᠎ᠠ ᠪᠤᠷᠴᠠᠭ ᠤᠨ ᠰᠠᠶᠢᠨ ᠦᠷ᠎ᠡ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ 3 ᠵᠢᠯ ᠳᠠᠷᠠᠭᠠᠯᠠᠨ ᠳᠡᠮᠵᠢᠵᠦ᠂ 2022 ᠣᠨ ᠳᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠳᠠᠬᠢᠨᠲᠠ ᠤᠯᠤᠰ ᠤᠨ ᠲᠠᠰ ᠤᠨ ᠰᠢᠷ᠎ᠠ ᠪᠤᠷᠴᠠᠭ ᠤᠨ ᠰᠠᠶᠢᠨ ᠦᠷ᠎ᠡ ᠪᠣᠶᠢᠵᠢᠭᠤᠯᠬᠤ ᠲᠣᠮᠣ ᠰᠢᠶᠠᠨ ᠢᠶᠠᠷ ᠦᠨᠡᠯᠡᠭᠳᠡᠪᠡ᠃ 2023 ᠣᠨ ᠳᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠰᠢᠷ᠎ᠠ ᠪᠤᠷᠴᠠᠭ ᠤᠨ ᠦᠷ᠎ᠡ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠲᠠᠰ ᠤᠨ ᠰᠢᠷ᠎ᠠ ᠪᠤᠷᠴᠠᠭ ᠤᠨ ᠰᠠᠶᠢᠨ ᠦᠷ᠎ᠡ ᠪᠣᠶᠢᠵᠢᠭᠤᠯᠤᠨ ᠦᠷᠡᠵᠢᠭᠦᠯᠬᠦ ᠰᠠᠭᠤᠷᠢᠨ ᠢ 24 ᠲᠦᠮᠡᠨ ᠮᠦ ᠪᠠᠶᠢᠭᠤᠯᠪᠠ᠃       ᠦᠷ᠎ᠡ ᠪᠣᠯ ᠲᠠᠷᠢᠶᠠᠯᠠᠩ ᠤᠨ ᠬᠥᠭᠵᠢᠯᠲᠡ ᠶᠢᠨ ︽ᠢᠯᠲᠠᠰᠤ︾ ᠮᠥᠨ᠃ ᠣᠳᠣᠬᠠᠨ ᠳᠤ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠳ᠋ᠧᠩ ᠺᠧ ᠦᠷ᠎ᠡ ᠶᠢᠨ ᠦᠢᠯᠡᠰ᠂ ᠯᠢ ᠵᠦ ᠦᠷ᠎ᠡ ᠶᠢᠨ ᠦᠢᠯᠡᠰ ᠵᠡᠷᠭᠡ ᠰᠢᠷ᠎ᠠ ᠪᠤᠷᠴᠠᠭ ᠤᠨ ᠦᠷ᠎ᠡ ᠶᠢᠨ ᠠᠵᠤ ᠠᠬᠤᠶᠢᠯᠠᠯ 7 ᠪᠠᠶᠢᠵᠤ᠂ ᠰᠢᠷ᠎ᠠ ᠪᠤᠷᠴᠠᠭ ᠤᠨ ᠦᠷ᠎ᠡ ᠪᠣᠶᠢᠵᠢᠭᠤᠯᠬᠤ ᠰᠠᠭᠤᠷᠢᠨ ᠢ 20 ᠲᠦᠮᠡᠨ ᠮᠦ ᠠᠴᠠ ᠳᠡᠭᠡᠭᠰᠢ ᠪᠠᠶᠢᠭᠤᠯᠵᠤ᠂ ᠥᠪᠥᠷ ᠮᠣᠩᠭᠤᠯ ᠤᠨ ᠰᠢᠷ᠎ᠠ ᠪᠤᠷᠴᠠᠭ 1137 ᠨᠣᠮᠧᠷᠲᠤ᠂ ᠥᠪᠥᠷ ᠮᠣᠩᠭᠤᠯ ᠤᠨ ᠰᠢᠷ᠎ᠠ ᠪᠤᠷᠴᠠᠭ 48 ᠨᠣᠮᠧᠷᠲᠤ᠂ ᠥᠪᠥᠷ ᠮᠣᠩᠭᠤᠯ ᠤᠨ ᠰᠢᠷ᠎ᠠ ᠪᠤᠷᠴᠠᠭ 13 ᠨᠣᠮᠧᠷᠲᠤ᠂ ᠳᠤᠮᠳᠠᠳᠤ ᠤᠯᠤᠰ ᠤᠨ ᠰᠢᠷ᠎ᠠ ᠪᠤᠷᠴᠠᠭ 901 ᠨᠣᠮᠧᠷᠲᠤ᠂ ᠳ᠋ᠧᠩ ᠺᠧ 4 ᠨᠣᠮᠧᠷᠲᠤ ᠵᠡᠷᠭᠡ ᠰᠢᠷ᠎ᠠ ᠪᠤᠷᠴᠠᠭ ᠤᠨ ᠰᠠᠶᠢᠨ ᠦᠷ᠎ᠡ ᠶᠢ ᠦᠷᠡᠵᠢᠭᠦᠯᠦᠨ ᠪᠣᠶᠢᠵᠢᠭᠤᠯᠵᠤ ᠪᠤᠢ᠃ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠮᠡᠷᠭᠡᠵᠢᠯ ᠤᠨ ᠬᠠᠮᠲᠤᠷᠠᠯᠴᠠᠭ᠎ᠠ ᠪᠠᠷ ᠦᠷ᠎ᠡ ᠪᠣᠶᠢᠵᠢᠭᠤᠯᠬᠤ᠂ ᠡᠭᠦᠯᠳᠡᠷ ᠢ ᠳᠡᠰ ᠳᠡᠪᠰᠢᠭᠦᠯᠦᠨ ᠴᠡᠪᠡᠷᠰᠢᠭᠦᠯᠬᠦ᠂ ᠤᠤᠯ ᠡᠭᠦᠯᠳᠡᠷ ᠢ ᠥᠷᠭᠡᠳᠬᠡᠨ ᠦᠷᠡᠵᠢᠭᠦᠯᠬᠦ ᠠᠴᠠ ᠭᠠᠷᠳᠠᠵᠤ᠂ ᠰᠢᠷ᠎ᠠ ᠪᠤᠷᠴᠠᠭ ᠤᠨ ᠦᠷ᠎ᠡ ᠶᠢ ᠰᠤᠳᠤᠯᠤᠨ ᠨᠡᠭᠡᠭᠡᠬᠦ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠦᠷ᠎ᠡ ᠶᠢ ᠥᠪᠡᠷ ᠢᠶᠠᠨ ᠬᠠᠩᠭᠠᠬᠤ ᠪᠠᠲᠤᠯᠠᠭ᠎ᠠ ᠶᠢ ᠪᠡᠶᠡᠯᠡᠭᠦᠯᠦᠭᠰᠡᠨ ᠪᠥᠭᠡᠳ ᠡᠷᠭᠢᠨ ᠲᠣᠭᠤᠷᠢᠨ ᠤ ᠬᠠᠷᠠᠮᠥ᠋ᠷᠡᠨ ᠵᠡᠷᠭᠡ ᠮᠤᠵᠢ ᠬᠤᠳᠠ ᠳᠤ ᠬᠠᠩᠭᠠᠪᠠ᠃       ︽ᠲᠠᠷᠢᠶᠠᠨ ᠤ ᠴᠢᠬᠢ ᠦᠵᠡᠬᠦ ᠲᠠᠪᠴᠠᠩ︾ ᠠᠴᠠ ᠨᠢᠭᠡᠳᠦᠯᠲᠡᠢ ᠳᠠᠷᠢᠵᠤ᠂ ᠨᠢᠭᠡᠳᠦᠯᠲᠡᠢ ᠬᠠᠮᠢᠶᠠᠷᠴᠤ᠂ ᠲᠠᠷᠢᠮᠠᠯ ᠤᠨ ᠡᠷᠦᠭᠡ ᠪᠠ ᠠᠵᠤ ᠠᠬᠤᠶᠢᠯᠠᠯ ᠨᠢ ᠲᠠᠷᠢᠮᠠᠯ ᠤᠨ ᠲᠠᠷᠢᠶᠠᠨ ᠭᠠᠵᠠᠷ ᠲᠠᠬᠢ ᠤᠷᠭᠤᠴᠠ ᠶᠢ ᠰᠢᠭᠤᠳ ᠲᠣᠭᠤᠷᠢᠨ ᠦᠵᠡᠬᠦ ᠪᠠ ᠨᠠᠮᠤᠷ ᠤᠨ ᠬᠤᠷᠢᠶᠠᠯᠲᠠ ᠶᠢ ᠬᠡᠮᠵᠢᠭᠰᠡᠨ ᠦᠷ᠎ᠡ ᠳ᠋ᠦᠩ ᠢᠶᠠᠷ ᠳᠠᠮᠵᠢᠭᠤᠯᠤᠨ᠂ ᠢᠷᠡᠬᠦ ᠵᠢᠯ ᠤᠨ ᠳᠠᠷᠢᠬᠤ ᠦᠷ᠎ᠡ ᠪᠠᠨ ᠰᠣᠩᠭᠤᠵᠤ ᠪᠣᠯᠣᠨ᠎ᠠ᠃ 2023 ᠣᠨ ᠳᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠤᠳᠠ ᠶᠢᠨ ᠱᠠᠲᠤᠨ ᠤ ᠡᠷᠳᠡᠨᠢ ᠰᠢᠰᠢ ᠶᠢᠨ ︽ᠲᠠᠷᠢᠶᠠᠨ ᠤ ᠴᠢᠬᠢ ᠦᠵᠡᠬᠦ ᠲᠠᠪᠴᠠᠩ︾᠂ ᠤᠯᠤᠰ ᠤᠨ ᠲᠡᠰ ᠤᠨ ᠰᠢᠷ᠎ᠠ ᠪᠤᠷᠴᠠᠭ ᠤᠨ ᠰᠢᠨ᠎ᠡ ᠡᠭᠦᠯᠳᠡᠷ ᠤᠨ ᠦᠵᠡᠭᠦᠯᠭᠡ ᠪᠣᠯᠣᠨ ᠥᠪᠡᠷᠲᠡᠭᠡᠨ ᠵᠠᠰᠠᠬᠤ ᠣᠷᠣᠨ ᠤ ᠲᠡᠰ ᠤᠨ ᠣᠷᠣᠨ ᠪᠦᠰᠡ ᠶᠢᠨ ᠴᠢᠨᠠᠷᠲᠠᠢ ᠰᠢᠷ᠎ᠠ ᠪᠤᠷᠴᠠᠭ ᠤᠨ ︽ᠲᠠᠷᠢᠶᠠᠨ ᠤ ᠴᠢᠬᠢ ᠶᠢ ᠦᠵᠡᠵᠦ ᠦᠷ᠎ᠡ ᠰᠣᠩᠭᠤᠬᠤ︾ ᠲᠠᠪᠴᠠᠩ ᠢ ᠤᠶᠠᠯᠳᠤᠭᠤᠯᠵᠤ᠂ ᠵᠢᠱᠢᠶ᠎ᠡ ᠦᠵᠡᠭᠦᠯᠦᠭᠰᠡᠨ ᠶᠡᠷᠦᠩᠬᠡᠢ ᠲᠠᠯᠠᠪᠠᠢ 210 ᠮᠦ ᠳᠤ ᠬᠦᠷᠴᠦ᠂ ᠨᠡᠶᠢᠳᠡ 85 ᠡᠭᠦᠯᠳᠡᠷ ᠢ ᠵᠢᠱᠢᠶ᠎ᠡ ᠦᠵᠡᠭᠦᠯᠵᠦ᠂ ᠡᠭᠦᠨ ᠳᠤ ᠰᠢᠷ᠎ᠠ ᠪᠤᠷᠴᠠᠭ ᠤᠨ 41 ᠡᠭᠦᠯᠳᠡᠷ᠂ ᠡᠷᠳᠡᠨᠢ ᠰᠢᠰᠢ ᠶᠢᠨ 44 ᠡᠭᠦᠯᠳᠡᠷ ᠪᠤᠢ᠃       2023 ᠣᠨ ᠳᠤ ︽ᠲᠠᠷᠢᠶᠠᠨ ᠤ ᠴᠢᠬᠢ ᠶᠢ ᠦᠵᠡᠵᠦ ᠦᠷ᠎ᠡ ᠰᠣᠩᠭᠤᠬᠤ︾ ᠲᠠᠪᠴᠠᠩ ᠤᠨ ᠵᠢᠱᠢᠶ᠎ᠡ ᠦᠵᠡᠭᠦᠯᠭᠦ ᠠᠵᠢᠯ ᠨᠢ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠮᠠᠷᠠᠲᠤ ᠬᠡᠰᠡᠭ ᠤᠨ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠤ ᠲᠠᠪᠤᠨ ᠣᠪᠣᠭ᠎ᠠ ᠪᠠᠯᠭᠠᠰᠤ ᠶᠢ ᠲᠠᠶᠢᠴᠢᠯᠠᠪᠠ᠃ ᠲᠠᠪᠤᠨ ᠣᠪᠣᠭ᠎ᠠ ᠪᠠᠯᠭᠠᠰᠤ ᠨᠢ 76 ᠮᠦ ᠰᠢᠨ᠎ᠡ ᠡᠭᠦᠯᠳᠡᠷ ᠢ ᠳᠡᠯᠭᠡᠨ ᠦᠵᠡᠭᠦᠯᠭᠦ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠵᠤ᠂ 20 ᠰᠢᠷ᠎ᠠ ᠪᠤᠷᠴᠠᠭ ᠤᠨ ᠰᠢᠨ᠎ᠡ ᠡᠭᠦᠯᠳᠡᠷ ᠢ ᠳᠠᠷᠢᠵᠥ᠂ 21 ᠡᠷᠳᠡᠨᠢ ᠰᠢᠰᠢ ᠶᠢᠨ ᠰᠢᠨ᠎ᠡ ᠡᠭᠦᠯᠳᠡᠷ ᠢ ᠳᠠᠷᠢᠵᠤ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠣᠷᠳᠣᠭᠤᠷ ᠣᠷᠣᠭᠤᠯᠬᠤ ᠬᠡᠮᠵᠢᠶᠡᠨ ᠤ ᠲᠤᠷᠰᠢᠯᠲᠠ ᠪᠠ ᠦᠷ᠎ᠡ ᠬᠡᠷᠡᠭᠯᠡᠬᠦ ᠬᠡᠮᠵᠢᠶᠡᠨ ᠤ ᠲᠤᠷᠰᠢᠯᠲᠠ ᠶᠢ ᠥᠷᠨᠢᠭᠦᠯᠪᠡ᠃ ᠨᠠᠮᠤᠷ ᠤᠨ ᠤᠯᠠᠷᠢᠯ ᠳᠤ ᠤᠨᠠᠯᠲᠠ ᠶᠢ ᠬᠡᠮᠵᠢᠭᠰᠡᠨ ᠢᠶᠠᠷ᠂ ᠲᠠᠪᠤᠨ ᠣᠪᠣᠭ᠎ᠠ ᠪᠠᠯᠭᠠᠰᠤ ᠶᠢᠨ ᠰᠢᠨ᠎ᠡ ᠡᠭᠦᠯᠳᠡᠷ ᠳᠡᠯᠭᠡᠨ ᠦᠵᠡᠭᠦᠯᠭᠦ ᠵᠢᠱᠢᠶ᠎ᠡ ᠦᠵᠡᠭᠦᠯᠭᠦ ᠰᠠᠭᠤᠷᠢᠨ ᠤ ᠰᠢᠷ᠎ᠠ ᠪᠤᠷᠴᠠᠭ ᠤᠨ ᠦᠷ᠎ᠡ ᠪᠤᠯᠬᠤ ᠥᠪᠥᠷ ᠮᠣᠩᠭᠤᠯ ᠤᠨ ᠰᠢᠷ᠎ᠠ ᠪᠤᠷᠴᠠᠭ 9 ᠳ᠋ᠦ᠋ᠭᠡᠷ ᠨᠣᠮᠧᠷᠲᠤ᠂ ᠡᠷᠳᠡᠨᠢ ᠰᠢᠰᠢ ᠶᠢᠨ ᠦᠷ᠎ᠡ ᠲᠦᠸᠧ ᠢᠦᠢ 158 ᠶᠢᠨ ᠮᠦ ᠨᠢᠭᠡᠴᠢ ᠶᠢᠨ ᠤᠨᠠᠯᠲᠠ ᠨᠢ ᠳᠤᠰ ᠳᠤᠰ 392 ᠵᠢᠩ᠂ 1823 ᠵᠢᠩ ᠢᠶᠠᠷ ᠴᠣᠯᠭᠤᠷᠠᠨ ᠭᠠᠷᠪᠠ᠃ ᠡᠨᠡ ᠬᠤᠶᠠᠷ ︽ᠤᠳᠤᠨ︾ ᠡᠭᠦᠯᠳᠡᠷ ᠨᠢ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠮᠠᠷᠠᠲᠤ ᠬᠡᠰᠡᠭ ᠤᠨ ᠲᠠᠷᠢᠶᠠᠴᠢᠳ ᠤᠨ 2024 ᠣᠨ ᠤ ᠲᠡᠷᠢᠭᠦᠨ ᠰᠣᠩᠭᠤᠯᠲᠠ ᠶᠢᠨ ᠡᠭᠦᠯᠳᠡᠷ ᠪᠤᠯᠬᠤ ᠪᠣᠯᠣᠨ᠎ᠠ᠃       ᠠᠮᠤ ᠪᠤᠳᠠᠭ᠎ᠠ ᠡᠯᠪᠡᠭ ᠪᠣᠯ ᠳᠦᠷᠦ ᠠᠮᠤᠭᠤᠯᠠᠩ᠂ ᠦᠷ᠎ᠡ ᠶᠢᠨ ᠦᠢᠯᠡᠰ ᠰᠠᠭᠤᠷᠢ ᠶᠢ ᠴᠣᠭᠴᠠᠯᠠᠨ᠎ᠠ᠃ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠨᠠᠮ ᠤᠨ ᠬᠠᠯᠠᠮᠵᠢᠯᠠᠯ ᠳᠣᠣᠷ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷ᠎ᠠ ᠬᠥᠷᠥᠰᠥᠨ ᠳᠡᠭᠡᠷ᠎ᠡ ᠦᠷ᠎ᠡ ᠶᠢᠨ ᠦᠢᠯᠡᠰ ᠤᠨ ᠠᠮᠤᠷ ᠲᠦᠪᠰᠢᠨ ᠤ ᠲᠣᠮᠣ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ