ᠷᠠᠰᠢᠶᠠᠨ ᠬᠤᠳᠠ᠄ ᠠᠮᠢ ᠠᠬᠤᠢ ᠭᠤᠶᠤᠵᠢᠨ ᠵᠢᠭᠤᠯᠴᠢᠯᠠᠯ ᠬᠥᠭᠵᠢᠵᠦ ᠠᠷᠠᠳ ᠪᠠᠶᠠᠵᠢᠨ᠎ᠠ
ᠨᠡᠶᠢᠲᠡᠯᠡᠭᠰᠡᠨ ᠴᠠᠭ᠄
2024/3/29
       2023 ᠣᠨ ᠳᠤ᠂ ᠷᠠᠰᠢᠶᠠᠨ ᠬᠤᠲᠠ 536.71 ᠲᠦᠮᠡᠨ ᠬᠥᠮᠥᠨ ᠤᠳᠠᠭ᠎ᠠ ᠶᠢᠨ ᠵᠢᠭᠤᠯᠴᠢᠯᠠᠭᠴᠢ ᠶᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 67.09 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠤᠯᠴᠢᠯᠠᠭᠴᠢ ᠨᠢ 2014 ᠣᠨ ᠤ ᠬᠢ ᠠᠴᠠ 171.25% ᠪᠠᠷ ᠨᠡᠮᠡᠭᠳᠡᠵᠦ᠂ ᠣᠷᠣᠯᠭ᠎ᠠ ᠨᠢ 2014 ᠣᠨ ᠤ ᠬᠢ ᠠᠴᠠ 158.13% ᠪᠠᠷ ᠨᠡᠮᠡᠭᠳᠡᠵᠡᠢ᠃       ︽ᠤᠳᠤ ᠷᠠᠰᠢᠶᠠᠨ ᠤ ᠵᠢᠭᠤᠯᠴᠢᠯᠠᠯ ᠬᠥᠭᠵᠢᠶᠡᠨᠲᠡᠢ ᠪᠣᠯᠵᠤ᠂ ᠡᠯ᠎ᠡ ᠭᠠᠵᠠᠷ ᠤᠨ ᠵᠢᠭᠤᠯᠴᠢᠯᠠᠬᠰᠠᠳ ᠤᠯᠠᠮ ᠠᠴᠠ ᠤᠯᠠᠮ ᠣᠯᠠᠰᠢᠷᠠᠵᠤ᠂ ᠮᠢᠨᠤ ᠡᠨᠡᠬᠦ ᠵᠢᠵᠢᠭ ᠬᠤᠭᠤᠯᠠᠨ ᠭᠡᠷ ᠤᠨ ᠣᠷᠣᠯᠭ᠎ᠠ ᠴᠤ ᠵᠢᠯ ᠠᠴᠠ ᠵᠢᠯ ᠨᠡᠮᠡᠭᠳᠡᠵᠦ ᠪᠠᠶᠢᠨ᠎ᠠ︾ ᠭᠡᠵᠦ ᠷᠠᠰᠢᠶᠠᠨ ᠬᠤᠳᠠ ᠳᠤ ᠬᠠᠯᠠᠭᠤᠨ ᠲᠣᠭᠤᠭᠠᠨ ᠬᠤᠭᠤᠯᠠᠨ ᠭᠡᠷ ᠡᠵᠡᠩᠨᠡᠵᠦ ᠪᠠᠶᠢᠭ᠎ᠠ ᠶᠤᠸᠠᠨ ᠬᠤᠩ ᠶᠠᠨ ᠡᠷ᠎ᠡ ᠡᠮ᠎ᠡ ᠬᠤᠶᠠᠭᠤᠯᠠ ᠪᠠᠶᠠᠷᠯᠠᠵᠤ ᠪᠠᠶᠢᠯ᠎ᠠ᠃ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠡᠯᠪᠡᠷᠢ ᠶᠢ ᠨᠡᠮᠡᠭᠳᠡᠭᠦᠯᠬᠦ᠂ ᠬᠡᠷᠡᠭᠯᠡᠭᠡ ᠶᠢ ᠠᠬᠢᠭᠤᠯᠬᠤ ᠶᠢᠨ ᠲᠣᠭᠤᠷᠢᠨ ᠳᠤ  ᠵᠢᠭᠤᠯᠴᠢᠯᠠᠯ ᠤᠨ ᠪᠦᠲᠦᠭᠡᠭᠳᠡᠬᠦᠨ ᠢ  ᠲᠠᠰᠤᠷᠠᠯᠲᠠ ᠦᠭᠡᠢ ᠪᠠᠶᠠᠯᠢᠭᠵᠢᠭᠤᠯᠤᠨ᠂ 34.95 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 85 ᠭᠤᠣᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠪᠦᠭᠦ ᠣᠷᠣᠨ ᠪᠦᠰᠡ᠂ ᠪᠦᠭᠦ ᠤᠯᠠᠷᠢᠯ ᠤᠨ᠂ ᠳᠡᠰ ᠳᠡᠪᠰᠢᠭᠰᠡᠨ ᠵᠢᠭᠤᠯᠴᠢᠯᠠᠯ ᠤᠨ ᠦᠢᠯᠡᠰ ᠢ ᠬᠥᠭᠵᠢᠭᠦᠯᠪᠡ᠃       ᠣᠳᠣᠬᠠᠨ ᠤ ᠷᠠᠰᠢᠶᠠᠨ ᠬᠤᠳᠠ ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ ᠪᠦᠭᠦ ᠣᠷᠣᠨ ᠪᠦᠰᠡ ᠶᠢᠨ ᠵᠢᠭᠤᠯᠴᠢᠯᠠᠯ ᠢ ᠪᠦᠭᠦ ᠲᠠᠯ᠎ᠠ ᠪᠠᠷ ᠰᠢᠯᠢᠳᠡᠭᠵᠢᠭᠦᠯᠵᠦ᠂ ᠵᠢᠷᠭᠤᠭᠠᠨ ᠲᠣᠮᠣ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ ᠰᠡᠯᠡᠭᠦᠴᠡᠯ ᠠᠮᠠᠷᠠᠯᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠵᠦ᠂ ᠰᠥᠨᠢ ᠶᠢᠨ ᠠᠵᠤ ᠠᠬᠤᠢ ᠪᠠ ᠡᠪᠦᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠢᠯᠡᠳᠲᠡ ᠴᠢᠩᠭᠠᠳᠬᠠᠨ᠂ ᠵᠢᠭᠤᠯᠴᠢᠯᠠᠯ ᠤᠨ ᠭᠤᠣᠯᠯᠠᠬᠤ ᠠᠵᠤ ᠦᠢᠯᠡᠰ ᠤᠨ ᠪᠠᠶᠢᠷᠢ ᠰᠠᠭᠤᠷᠢ ᠶᠢ ᠨᠠᠩ ᠲᠣᠪᠤᠶᠢᠯᠭᠠᠬᠰᠠᠨ ᠪᠠᠶᠢᠨ᠎ᠠ᠃ᠷᠠᠰᠢᠶᠠᠨ ᠬᠤᠳᠠ ᠲᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠡᠷᠢᠭᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠨᠡᠶᠢᠳᠡ 48.75 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 2019 ᠣᠨ ᠪᠤᠯᠲᠠᠯ᠎ᠠ ᠪᠤᠢ ᠪᠦᠬᠦᠢ ᠲᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠪᠦᠭᠦᠨ ᠢᠶᠠᠷ ᠢᠶᠠᠨ ᠠᠰᠠᠷ ᠲᠤ ᠨᠡᠭᠦᠵᠦ᠂ 3 ᠲᠦᠮᠡᠨ ᠬᠥᠮᠥᠨ ᠤ ᠨᠤᠷᠠᠬᠤ ᠠᠶᠤᠯᠲᠠᠢ ᠣᠷᠣᠨ ᠰᠠᠭᠤᠴᠠ ᠳᠤ ᠠᠮᠢᠳᠤᠷᠠᠵᠤ ᠪᠠᠶᠢᠭᠰᠠᠨ ᠠᠴᠠ ᠪᠠᠨ ᠳᠤᠯᠠᠭᠠᠨ ᠲᠠᠭᠠᠯᠠᠮᠵᠢᠲᠠᠢ ᠣᠷᠣᠨ ᠰᠠᠭᠤᠴᠠ ᠳᠤ ᠰᠠᠭᠤᠬᠤ ᠬᠦᠰᠡᠯ ᠨᠢ ᠪᠡᠶᠡᠯᠡᠭᠳᠡᠪᠡ᠃       ᠷᠠᠰᠢᠶᠠᠨ ᠬᠤᠲᠠ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠲᠣᠭᠤᠷᠢᠭ ᠤᠨ ᠭᠡᠷᠡᠯᠲᠦᠭᠦᠯᠭᠡ ᠶᠢᠨ ᠨᠣᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ᠂ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ ᠶᠢ ᠲᠣᠰ ᠲᠣᠰ 95%᠂ 98.14%᠂ 99.69% ᠳᠤ ᠬᠦᠷᠭᠡᠵᠦ᠂ ᠳᠥᠭᠦᠮ ᠪᠦᠲᠦᠴᠡᠲᠦ ᠣᠷᠣᠨ ᠰᠠᠭᠤᠴᠠ ᠶᠢ ᠳᠤᠯᠠᠭᠠᠯᠠᠬᠤ ᠳᠤ ᠬᠦᠴᠢᠷ᠂ ᠤᠰᠤ ᠢᠳᠡᠬᠦ ᠳᠤ ᠬᠦᠴᠢᠷ᠂ ᠵᠠᠮ ᠶᠠᠪᠤᠬᠤ ᠳᠤ ᠬᠦᠴᠢᠷ ᠪᠠᠶᠢᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠪᠡ᠃ ᠬᠤᠲᠠ ᠶᠢᠨ ᠬᠥᠮᠥᠨ ᠳᠤᠮᠳᠠᠴᠢ ᠶᠢᠨ ᠴᠡᠴᠡᠷᠯᠢᠭ ᠨᠣᠭᠤᠭᠠᠷᠠᠭᠤᠯᠤᠯᠲᠠ ᠶᠢᠨ ᠲᠠᠯᠠᠪᠠᠶ 16.35 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠴᠢᠳᠠᠮᠵᠢ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠯᠭᠤᠭᠰᠠᠨ︽ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠥᠯᠢᠭᠡᠷ ᠵᠢᠱᠢᠶ᠎ᠡ ᠶᠢᠨ ᠱᠠᠩᠨᠠᠯ︾ ᠢ ᠭᠦᠷᠳᠡᠪᠡ᠃       2014 ᠣᠨ ᠠᠴᠠ ᠨᠠᠭᠠᠰᠢ ᠷᠠᠰᠢᠶᠠᠨ ᠬᠤᠲᠠ ᠪᠠᠶᠢᠭᠠᠯᠢ ᠶᠢ ᠬᠠᠮᠠᠭᠠᠯᠠᠬᠤ ᠢᠨᠵᠧᠨᠧᠷᠢᠩ ᠢ ᠨᠡᠶᠢᠲᠡ 1650 ᠲᠦᠮᠡᠨ ᠮᠦ ᠬᠡᠷᠡᠭᠵᠢᠭᠦᠯᠵᠦ᠂ ᠠᠭᠤᠯᠠ ᠶᠢ ᠪᠢᠲᠡᠭᠦᠮᠵᠢᠯᠡᠨ ᠣᠶᠢᠵᠢᠭᠤᠯᠤᠭᠰᠠᠨ ᠳᠠᠯᠠᠪᠠᠢ 120 ᠲᠦᠮᠡᠨ ᠮᠦ᠂ ᠮᠣᠳᠣ ᠳᠠᠷᠢᠵᠤ ᠣᠶᠢᠵᠢᠭᠤᠯᠤᠭᠰᠠᠨ ᠳᠠᠯᠠᠪᠠᠢ 40 ᠲᠦᠮᠡᠨ ᠮᠦ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠭᠰᠡᠨ ᠳᠠᠯᠠᠪᠠᠢ 25 ᠲᠦᠮᠡᠨ ᠮᠦ ᠳᠤ ᠲᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 1.5 ᠲᠦᠮᠡᠨ ᠮᠦ ᠬᠡᠷᠡᠭᠵᠢᠭᠦᠯᠦᠭᠰᠡᠨ ᠪᠠᠶᠢᠨ᠎ᠠ᠃ ᠪᠦᠭᠦ ᠬᠤᠲᠠ ᠶᠢᠨ ᠣᠶ ᠰᠢᠭᠤᠢ ᠶᠢᠨ ᠪᠦᠷᠬᠦᠴᠡ ᠶᠢᠨ ᠨᠣᠷᠮ᠎ᠠ 81.2% ᠲᠤ ᠬᠦᠷᠴᠦ᠂ ᠤᠷᠭᠤᠮᠠᠯ ᠤᠨ ᠪᠦᠷᠬᠦᠴᠡ ᠶᠢᠨ ᠨᠣᠷᠮ᠎ᠠ 95% ᠠᠴᠠ ᠳᠡᠭᠡᠭᠰᠢ ᠳᠤ ᠬᠦᠷᠴᠦ᠂ ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤ ᠴᠥᠮⅢᠲᠥᠷᠥᠯ ᠤᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃       ᠷᠠᠰᠢᠶᠠᠨ ᠬᠤᠳᠠ ︽ᠠᠮᠢ ᠠᠬᠤᠢ ᠪᠠᠷ ᠬᠤᠲᠠ ᠪᠠᠨ ᠪᠠᠶᠢᠭᠤᠯᠵᠤ᠂ ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠳ᠋ ᠪᠠᠶᠠᠯᠢᠭ ᠪᠤᠯᠭᠠᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠲᠣᠭᠤᠷᠢᠭ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠡᠷᠡᠭᠦᠯ ᠮᠡᠨᠳᠦ ᠶᠢᠨ ᠵᠢᠭᠤᠯᠴᠢᠯᠠᠯ ᠤᠨ ᠵᠤᠷᠢᠯᠳᠠᠳᠥ ᠭᠠᠵᠠᠷ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠬᠤᠳᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠢᠷᠠᠭᠤ ᠠᠯᠳᠠᠷ ᠢ ᠬᠦᠷᠲᠡᠵᠦ᠂  ᠠᠮᠢ ᠠᠬᠤᠢ ᠶᠢᠨ ᠪᠣᠯᠪᠠᠰᠤᠨ ᠤ ᠦᠵᠡᠰᠬᠦᠯᠡᠩᠲᠦ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ