1—2 ᠳ᠋ᠤᠭᠠᠷ ᠰᠠᠷ᠎ᠠ ᠳᠤ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠥᠪᠡᠷᠲᠡᠭᠡᠨ ᠵᠠᠰᠠᠬᠤ ᠣᠷᠣᠨ ᠤ ᠵᠡᠭᠦᠨ ᠤᠷᠤᠨ ᠤ ᠲᠠᠪᠤᠨ ᠠᠶᠢᠮᠠᠭ ᠬᠤᠲᠠ ᠶᠢᠨ ᠨᠢᠭᠡᠳᠦᠭᠡᠷ ᠲᠤ ᠣᠷᠣᠪᠠ  ᠥᠪᠡᠷᠲᠡᠭᠡᠨ ᠵᠠᠰᠠᠬᠤ ᠣᠷᠣᠨ ᠤ ᠵᠡᠭᠦᠨ ᠤᠷᠤᠨ ᠤ ᠲᠠᠪᠤᠨ ᠠᠶᠢᠮᠠᠭ ᠬᠤᠲᠠ ᠶᠢᠨ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2024/3/29
       ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1—2 ᠰᠠᠷ᠎ᠠ ᠳᠤ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ᠂ ︽ᠠᠷᠪᠠᠨ ᠳᠦᠷᠪᠡᠳᠦᠭᠡᠷ ᠡᠪᠦᠯ︾ ᠢ ᠠᠮᠵᠢᠯᠲᠠ ᠲᠠᠢ ᠡᠷᠬᠢᠯᠡᠭᠰᠡᠨ ᠵᠢᠴᠢ ᠪᠥᠬᠦ ᠬᠤᠲᠠ ᠶᠢᠨ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ ᠦᠷ᠎ᠡ ᠪᠦᠲᠦᠮᠵᠢ ᠣᠯᠬᠤ ᠶᠢ ᠳᠠᠭᠠᠯᠳᠤᠨ᠂ ᠡᠯ᠎ᠡ ᠲᠥᠷᠥᠯ ᠤᠨ ᠬᠠᠷᠠᠭᠠᠯᠵᠠᠯ ᠤᠨ ᠲᠡᠮᠳᠡᠭᠲᠦ ᠶᠢ ᠲᠠᠷᠬᠠᠭᠠᠬᠤ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠵᠠᠯᠭᠠᠭ᠎ᠠ ᠵᠠᠯᠭᠠᠪᠠᠷ ᠭᠠᠷᠴᠤ᠂ ᠪᠥᠬᠦ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠮᠡᠳᠡᠭᠳᠡᠮ᠎ᠡ ᠰᠠᠶᠢᠵᠢᠷᠠᠵᠤ᠂ ᠨᠡᠮᠡᠭᠳᠡᠯ ᠤᠨ ᠬᠠᠨᠳᠤᠰᠢ ᠢᠯᠡᠷᠡᠪᠡ᠃        ᠪᠦᠷᠢᠳᠬᠡᠯ ᠢ ᠦᠨᠳᠦᠰᠦᠯᠡᠪᠡᠯ᠂ 1—2 ᠳ᠋ᠤᠭᠠᠷ ᠰᠠᠷ᠎ᠠ ᠳᠤ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 57.10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ︵5.5%︶ ᠤᠨ ᠬᠢ ᠠᠴᠠ 1.2 ᠵᠠᠭᠤᠨ ᠤ ᠨᠢᠭᠡᠴᠢ ᠳᠣᠣᠷ᠎ᠠ ᠪᠠᠶᠢᠵᠤ᠂ ᠪᠥᠬᠦ ᠣᠷᠣᠨ ︵3.7%︶ ᠤ ᠬᠢ ᠠᠴᠠ 0.6 ᠵᠠᠭᠤᠨ ᠤ ᠨᠢᠭᠡᠴᠢ ᠥᠨᠳᠥᠷ ᠪᠣᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.6 ᠵᠠᠭᠤᠨ ᠤ ᠨᠢᠭᠡᠴᠢ ᠲᠦᠷᠭᠡᠳᠴᠡᠢ᠃ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠡᠯ᠎ᠡ ᠠᠶᠢᠮᠠᠭ ᠬᠤᠲᠠ ᠳᠤ ᠲᠠᠪᠤᠳᠤᠭᠠᠷ ᠲᠤ ᠣᠷᠣᠵᠤ᠂ ᠵᠡᠭᠦᠨ ᠤᠷᠤᠨ ᠤ ᠲᠠᠪᠤᠨ ᠠᠶᠢᠮᠠᠭ ᠬᠤᠲᠠ ᠶᠢᠨ ᠨᠢᠭᠡᠳᠦᠭᠡᠷ ᠲᠤ ᠣᠷᠣᠪᠠ᠃        ᠨᠢᠭᠡᠴᠢ ᠡᠵᠡᠩᠨᠡᠯᠲᠡ ᠶᠢᠨ ᠪᠠᠶᠢᠭ᠎ᠠ ᠭᠠᠵᠠᠷ ᠠᠴᠠ ᠦᠵᠡᠪᠡᠯ᠂ 1—2 ᠰᠠᠷ᠎ᠠ ᠳᠤ ᠪᠥᠬᠦ ᠬᠤᠲᠠ ᠶᠢᠨ ᠬᠥᠳᠡᠭᠡ ᠲᠣᠰᠬᠤᠨ ᠤ ᠭᠠᠵᠠᠷ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠵᠦ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡ ᠨᠢ ᠬᠤᠲᠠ ᠪᠠᠯᠭᠠᠰᠤᠨ ᠤ ᠬᠡᠷᠡᠭᠯᠡᠭᠡ ᠠᠴᠠ 2.1 ᠵᠠᠭᠤᠨ ᠤ ᠨᠢᠭᠡᠴᠢ ᠥᠨᠳᠥᠷ ᠪᠣᠯᠪᠠ︔ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠪᠥᠬᠦ ᠬᠤᠲᠠ ᠶᠢᠨ ᠲᠠᠸᠠᠷ ᠤᠨ ᠵᠢᠵᠢᠭᠯᠡᠨ ᠬᠤᠳᠠᠯᠳᠤᠬᠤ ᠪᠠ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 2.9% ᠪᠠ 16.4% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠠᠸᠠᠷ ᠤᠨ ᠵᠢᠵᠢᠭᠯᠡᠨ ᠬᠤᠳᠠᠯᠳᠤᠬᠤ ᠠᠴᠠ 13.5 ᠵᠠᠭᠤᠨ ᠤ ᠨᠢᠭᠡᠴᠢ ᠥᠨᠳᠥᠷ ᠪᠣᠯᠵᠠᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ