ᠬᠦᠯᠦᠨ ᠵᠠᠰᠠᠭ ᠥᠰᠥᠭ ﹇2024﹈ 11 ᠳ᠋ᠤᠭᠡᠷ ᠲᠣᠭᠠᠲᠤ | | | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠰᠢᠭᠤᠨ ᠤ ᠮᠡᠳᠡᠬᠦᠯᠦᠭᠰᠡᠨ ︽︿ᠰᠢᠨ᠎ᠡ ᠪᠠᠷᠭᠤ ᠪᠠᠷᠠᠭᠤᠨ ᠬᠤᠰᠢᠭᠤᠨ ᠤ 2024 ᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠰᠥᠯ﹀ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ | ᠪᠠᠷᠭᠤ ᠪᠠᠷᠠᠭᠤᠨ ᠵᠠᠰᠠᠭ ᠲᠠᠷᠬᠠᠭᠠᠭᠰᠠᠨ ﹇2024﹈ 4 ᠳ᠋ᠤᠭᠡᠷ ᠲᠣᠭᠠᠲᠤ︶ ᠶᠢ ᠬᠦᠯᠢᠶᠡᠨ ᠠᠪᠤᠯ᠎ᠠ᠂ ᠨᠠᠷᠢᠨ ᠬᠢᠨᠠᠮᠠᠭᠠᠢ ᠰᠤᠳᠤᠯᠬᠤ ᠪᠠᠷ ᠳᠡᠮᠵᠢᠨ᠂ ᠡᠳᠦᠭᠡ | ᠳᠣᠣᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ︽ᠰᠢᠨ᠎ᠡ ᠪᠠᠷᠭᠤ ᠪᠠᠷᠠᠭᠤᠨ ᠬᠤᠰᠢᠭᠤᠨ ᠤ 2024 ᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠰᠥᠯ︾ ︵ᠳᠣᠷᠣᠭᠰᠢ ︽ᠲᠤᠷᠰᠢᠯᠲᠠ ᠶᠢᠨ ᠴᠡᠭ ᠤᠨ ᠲᠥᠰᠥᠯ︾ ᠭᠡᠵᠦ ᠲᠣᠪᠴᠢᠯᠠᠨ᠎ᠠ︶ ᠢ ᠵᠠᠷᠴᠢᠮ | ᠳᠡᠭᠡᠷ᠎ᠡ ᠪᠠᠨ ᠵᠦᠪᠰᠢᠶᠡᠷᠡᠵᠦ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠬᠤᠶᠠᠷ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠲᠣᠭᠲᠠᠴᠠ ᠪᠠᠨ ᠳᠡᠬᠦᠯᠳᠡᠷᠵᠢᠬᠦᠯᠵᠦ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︽ᠲᠤᠷᠰᠢᠯᠲᠠ ᠶᠢᠨ | ᠴᠡᠭ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ | ᠪᠡᠶᠡᠯᠡᠭᠦᠯᠵᠦ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠤᠯᠬᠤᠶᠢᠴᠠ ᠲᠤᠷᠰᠢᠯᠲᠠ ᠶᠢᠨ ᠴᠡᠭ ᠤᠨ ᠲᠤᠷᠰᠢᠯᠭ᠎ᠠ ᠪᠦᠷᠢᠯᠳᠦᠬᠦᠯᠵᠦ᠂ ᠲᠤᠷᠰᠢᠯᠲᠠ ᠶᠢᠨ ᠴᠡᠭ ᠤᠨ | ᠦᠷ᠎ᠡ ᠪᠦᠲᠦᠭᠡᠯ ᠢᠶᠠᠨ ᠥᠪᠡᠷᠲᠡᠭᠡᠨ ᠵᠠᠰᠠᠬᠤ ᠣᠷᠣᠨ ᠳᠤ ᠢᠳᠡᠪᠬᠢᠲᠡᠢ ᠲᠤᠰᠢᠶᠠᠬᠤ ᠬᠡᠷᠡᠭᠲᠡᠢ᠃ | | ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃ | 2024 ᠣᠨ ᠤ 3 ᠰᠠᠷ᠎ᠠ ᠶᠢᠨ 4 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | |