2 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ 2024 ᠣᠨ ᠤ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ | ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠢᠴᠢᠶᠡᠯ ᠡᠬᠢᠯᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ︶ ᠶᠢᠨ ᠵᠠᠬᠢᠷᠤᠯ ︵ᠵᠠᠬᠢᠷᠤᠯ︶ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ | ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠳᠠᠷᠤᠭ᠎ᠠ ᠬᠤᠷᠠᠯ ᠳᠤ ᠣᠷᠣᠯᠴᠠᠪᠠ᠃ | | | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠰᠣᠳᠣ ᠮᠡᠷᠭᠡᠨ᠂ | ᠦᠵᠡᠯ ᠰᠠᠨᠠᠭ᠎ᠠ ᠭᠦᠨ ᠭᠦᠨᠵᠡᠭᠡᠢ᠂ ᠥᠷᠭᠡᠨ ᠳᠡᠯᠭᠡᠷ ᠭᠦᠨ ᠴᠢᠬᠢᠮᠡᠢ ᠪᠠᠶᠢᠵᠤ᠂ ᠪᠢᠳᠡᠨ ᠤ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ | ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ | ᠠᠷᠭᠠᠴᠠᠭᠠᠬᠤ ᠴᠢᠳᠠᠪᠤᠷᠢ ᠶᠢ ᠴᠢᠩᠭᠠᠳᠬᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠵᠠᠮ ᠭᠢᠯᠪᠠᠷ ᠪᠤᠰᠤ ᠪᠠᠷ ᠢᠷᠡᠭᠰᠡᠨ ᠶᠤᠮ᠂ ᠤᠷᠢᠳᠤ ᠡᠮᠦᠨ᠎ᠡ ᠪᠠᠶᠢᠭ᠎ᠠ ᠦᠭᠡᠢ ᠰᠢᠨ᠎ᠡ ᠶᠢ ᠡᠭᠦᠳᠦᠭᠰᠡᠨ ᠵᠠᠮ ᠪᠣᠯᠣᠨ᠎ᠠ᠂ ᠡᠨᠡ ᠨᠢ | ᠮᠠᠨᠤᠰ ᠲᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠪᠠ᠃ ᠮᠥᠩᠭᠦᠨ ᠭᠦᠢᠯᠭᠡᠭᠡᠨ ᠤ | ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ | ᠵᠠᠮᠨᠠᠬᠤ ᠳᠤ ᠪᠠᠶᠢᠨ᠎ᠠ᠃ ᠪᠢᠳᠡ ᠵᠠᠮ ᠤᠨ ᠢᠲᠡᠭᠡᠯ ᠢᠶᠠᠨ ᠴᠢᠩᠭᠠᠳᠬᠠᠵᠤ᠂ ︽ᠨᠠᠢᠮᠠᠨ ᠪᠠᠷᠢᠮᠲᠠᠯᠠᠯ︾ ᠤᠨ ᠰᠦᠭ ᠰᠦᠨᠡᠰᠦ ᠪᠠ ᠴᠢᠬᠤᠯᠠ ᠠᠭᠤᠯᠭ᠎ᠠ ᠶᠢ ᠭᠦᠨᠵᠡᠭᠡᠢ | ᠣᠶᠢᠯᠠᠭᠠᠵᠤ᠂ ᠲᠡᠭᠦᠨ ᠤ ᠳᠤᠮᠳᠠ ᠠᠴᠠ ᠵᠢᠮ᠎ᠡ ᠶᠣᠰᠣ ᠶᠢ ᠣᠶᠢᠯᠠᠭᠠᠬᠤ᠂ ᠴᠢᠭᠯᠡᠯ ᠢ ᠮᠡᠳᠡᠬᠦ᠂ ᠠᠷᠭ᠎ᠠ ᠶᠢ ᠰᠤᠷᠤᠯᠴᠠᠬᠤ᠂ ᠤᠶᠤᠨ ᠤᠬᠠᠭᠠᠨ ᠢ ᠨᠡᠮᠡᠭᠳᠡᠭᠦᠯᠬᠦ ᠪᠠᠷ | ᠴᠢᠷᠮᠠᠶᠢᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠡᠷᠡᠰ ᠪᠠᠲᠤ ᠢᠳᠡᠭᠡᠨ ᠪᠢᠰᠢᠷᠡᠭᠴᠢ᠂ | ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠤᠨ ᠠᠮᠵᠢᠯᠲᠠ ᠶᠢ ᠪᠣᠯ ᠶᠡᠷᠦᠩᠬᠡᠢ ᠱᠦᠵᠢ | ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ ᠣᠯᠣᠭᠰᠠᠨ ᠶᠤᠮ᠃ ᠥᠪᠥᠷ ᠮᠣᠩᠭᠤᠯ ᠤᠨ | ᠮᠥᠩᠭᠦᠨ ᠭᠦᠢᠯᠭᠡᠭᠡᠨ ᠤ ᠦᠢᠯᠡᠰ ᠢ ᠰᠠᠶᠢᠲᠤᠷ ᠬᠢᠬᠦ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ | ᠬᠡᠷᠡᠭᠲᠡᠢ᠃ ᠥᠪᠥᠷ ᠮᠣᠩᠭᠤᠯ ᠳᠤ ᠠᠪᠴᠤ ᠬᠡᠯᠡᠪᠡᠯ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠰᠢᠯᠢᠳᠡᠭ ᠮᠥᠩᠭᠦᠨ | ᠭᠦᠢᠯᠭᠡᠭᠡᠨ ᠤ ᠦᠢᠯᠡᠴᠢᠯᠡᠭᠡ ᠪᠠᠷ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯ ᠴᠢᠬᠤᠯᠠ ᠶᠤᠮ᠃ ᠮᠥᠩᠭᠦᠨ ᠭᠦᠢᠯᠭᠡᠭᠡᠨ ᠤ | ᠬᠠᠩᠭᠠᠯᠭ᠎ᠠ ᠶᠢ ᠥᠷᠭᠡᠳᠬᠡᠵᠦ᠂ ᠪᠡᠯᠡ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠵᠤ᠂ ᠵᠦᠢ ᠵᠣᠬᠢᠰᠲᠠᠢ ᠪᠠᠷ ᠠᠰᠢᠭ ᠣᠯᠭᠤᠬᠤ ᠶᠢ ᠠᠬᠢᠭᠤᠯᠵᠤ᠂ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠭᠦᠢᠴᠡᠳ ᠡᠬᠢ | ᠡᠭᠦᠰᠦᠯ ᠠᠮᠢᠵᠢᠷᠠᠯ ᠤᠨ ᠬᠦᠴᠦᠨ ᠬᠠᠩᠭᠠᠬᠤ ᠬᠡᠷᠡᠭᠲᠡᠢ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ︽ᠵᠢᠷᠭᠤᠭᠠᠨ ᠢᠨᠵᠧᠨᠧᠷᠢᠩ︾ ᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠢᠨᠵᠧᠨᠧᠷᠢᠩ ᠨᠢᠭᠡ ᠪᠦᠷᠢ ᠨᠢ ᠴᠥᠮ | ᠮᠥᠩᠭᠦᠨ ᠭᠦᠢᠯᠭᠡᠭᠡᠨ ᠲᠠᠢ ᠨᠢᠭᠲᠠ ᠬᠤᠯᠪᠤᠭ᠎ᠠ ᠲᠠᠢ ᠪᠠᠶᠢᠵᠤ᠂ ︽ᠵᠢᠷᠭᠤᠭᠠᠨ ᠢᠨᠵᠧᠨᠧᠷᠢᠩ︾ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠬᠠᠩᠭᠠᠯᠭ᠎ᠠ ᠶᠢ | ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠣᠯ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠮᠥᠨ᠂ | ᠦᠨᠳᠦᠰᠦ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠳᠤ ᠪᠠᠶᠢᠨ᠎ᠠ᠂ ᠵᠠᠩᠭᠢᠯᠠᠭ᠎ᠠ ᠨᠢ ᠪᠠᠶᠢᠭᠤᠯᠤᠮᠵᠢ ᠲᠣᠭᠲᠠᠴᠠ ᠶᠢ ᠰᠢᠯᠢᠳᠡᠭᠵᠢᠭᠦᠯᠬᠦ ᠳᠤ ᠪᠠᠶᠢᠨ᠎ᠠ᠃ | ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠨᠤᠲᠤᠭ ᠤᠨ ᠥᠷᠢ ᠥᠭᠴᠡᠭᠡ᠂ ᠭᠡᠷ | ᠭᠠᠵᠠᠷ ᠤᠨ ᠬᠥᠷᠥᠩᠭᠡ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠤᠶᠠᠷ ᠲᠠᠯ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠢᠭᠡ ᠲᠠᠯ᠎ᠠ ᠪᠠᠷ | ᠠᠶᠤᠯ ᠲᠦᠭᠰᠢᠭᠦᠷᠢ ᠶᠢ ᠰᠢᠢᠳᠪᠦᠷᠢᠯᠡᠬᠦ ᠶᠢ ᠠᠳᠬᠤᠵᠤ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠠᠳᠬᠤᠬᠤ ᠬᠡᠷᠡᠭᠲᠡᠢ᠃ | ᠠᠶᠤᠯ ᠲᠦᠭᠰᠢᠭᠦᠷᠢ ᠶᠢ ᠰᠢᠢᠳᠪᠦᠷᠢᠯᠡᠬᠦ ᠳᠤ ᠴᠢᠩᠭ᠎ᠠ ᠠᠷᠭ᠎ᠠ ᠬᠡᠮᠵᠢᠶ᠎ᠡ ᠠᠪᠴᠤ᠂ ᠵᠣᠷᠢᠭᠲᠠᠢ ᠪᠠᠷ ᠴᠢᠩᠭ᠎ᠠ ᠴᠣᠬᠢᠯᠲᠠ ᠥᠭᠴᠦ᠂ ᠲᠣᠭᠲᠠᠴᠠ ᠶᠢᠨ | ᠪᠠᠶᠢᠭᠤᠯᠤᠯᠲᠠ ᠳᠤ ᠴᠤ ᠦᠨᠳᠦᠰᠦᠨ ᠠᠴᠠ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠵᠤ᠂ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠣᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ | ᠡᠷᠡᠭᠦᠯ ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ | ᠦᠨᠳᠦᠰᠦ ᠪᠠ ᠰᠦᠭ ᠰᠦᠨᠡᠰᠦ ᠮᠥᠨ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ | ᠤᠮᠠᠷᠠᠲᠤ ᠬᠢᠯᠢ ᠶᠢᠨ ᠰᠣᠶᠣᠯ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠰᠢᠰᠲ᠋ᠧᠮ ᠳᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠰᠣᠶᠣᠯ ᠢ ᠶᠡᠭᠡ ᠪᠠᠷ ᠪᠤᠶᠢᠵᠢᠭᠤᠯᠤᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠢᠯ ᠡᠷᠬᠢᠯᠡᠭᠰᠡᠳ ᠤᠨ ︽ᠲᠠᠪᠤᠨ ᠬᠡᠷᠡᠭᠲᠡᠢ ᠲᠠᠪᠤᠨ ᠦᠭᠡᠢ︾ | ᠪᠠᠶᠢᠬᠤ ᠶᠢ ᠬᠢᠨᠠᠮᠠᠭᠠᠢ ᠦᠢᠯᠡᠳᠦᠯᠭᠡᠵᠢᠭᠦᠯᠵᠦ᠂ ᠶᠣᠰᠣ ᠮᠣᠷᠠᠯ ᠤᠨ ᠬᠢᠵᠠᠭᠠᠷ ᠱᠤᠭᠤᠮ ᠢ ᠰᠠᠶᠢᠲᠤᠷ ᠰᠠᠬᠢᠬᠤ ᠶᠢ ᠰᠤᠷᠭᠠᠨ ᠬᠥᠮᠥᠵᠢᠭᠦᠯᠵᠦ ᠬᠥᠲᠥᠯᠥᠨ | ᠵᠢᠯᠤᠭᠤᠳᠬᠤ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠤᠳᠤᠷᠢᠳᠬᠤ ᠺᠠᠳ᠋ᠷᠴᠤᠳ ᠠᠵᠤ ᠠᠬᠤᠢ ᠪᠣᠯᠣᠨ ᠮᠥᠩᠭᠦᠨ ᠭᠦᠢᠯᠭᠡᠭᠡ ᠶᠢᠨ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ | ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ ᠮᠥᠩᠭᠦᠨ ᠭᠦᠢᠯᠭᠡᠭᠡᠨ ᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠺᠠᠳ᠋ᠷᠴᠤᠳ ᠮᠥᠩᠭᠦᠨ | ᠭᠦᠢᠯᠭᠡᠭᠡᠨ ᠤ ᠮᠡᠳᠡᠯᠭᠡ ᠪᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠮᠡᠷᠭᠡᠵᠢᠯᠲᠡᠨ ᠪᠤᠯᠬᠤ ᠪᠠᠷ ᠴᠢᠷᠮᠠᠶᠢᠬᠤ | ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ ᠪᠠᠰᠠ ᠨᠠᠮ ᠤᠨ ᠰᠤᠷᠭᠠᠭᠤᠯᠢ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠴᠠᠢ᠃ | ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ | ᠠᠷᠠᠳ ᠤᠨ ᠪᠦᠯᠭᠦᠮ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠣᠨ ᠠᠵᠤ ᠠᠬᠤᠶᠢᠯᠠᠯ ᠤᠨ | ᠭᠤᠣᠯ ᠬᠠᠷᠢᠭᠤᠴᠠᠯᠭᠠᠲᠠᠨ ᠨᠥᠬᠦᠳ᠂ ᠨᠠᠮ ᠤᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠩᠭᠢ ᠶᠢᠨ ᠳᠡᠳ᠋ ᠰᠤᠷᠤᠯᠭᠠᠲᠠᠳ ᠣᠷᠣᠯᠴᠠᠵᠠᠢ᠃ |