ᠶᠡᠭᠡ ᠬᠤᠷᠠᠯ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ 3 ᠰᠠᠷ᠎ᠠ ᠶᠢᠨ 3 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ | ᠭᠠᠵᠠᠷ ᠲᠠᠭᠠᠨ ᠪᠦᠭᠦᠳᠡ ᠬᠤᠷᠠᠯ ᠬᠢᠪᠡ᠃ | | | 3 ᠰᠠᠷ᠎ᠠ ᠶᠢᠨ 3 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠪᠡ᠃ | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ | ᠬᠤᠷᠠᠯ ᠠᠴᠠ ᠰᠦᠨ ᠱᠤᠤ ᠴᠧᠩ ᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠪᠠᠷ ᠳᠡᠪᠰᠢᠭᠦᠯᠦᠨ ᠰᠣᠩᠭᠤᠵᠤ᠂ ᠸᠠᠩ ᠯᠢ | ᠰᠢᠶᠠ᠂ ᠯᠢᠦ ᠱᠤᠸᠠᠩ᠂ ᠵᠧᠩ ᠬᠤᠩ ᠹᠠᠨ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠶᠠᠩ ᠶᠢᠨ ᠢ ᠳᠡᠳ᠋ ᠪᠦᠯᠭᠦᠮ ᠤᠨ ᠳᠠᠷᠤᠭ᠎ᠠ ᠪᠠᠷ | ᠳᠡᠪᠰᠢᠭᠦᠯᠦᠨ ᠰᠣᠩᠭᠤᠪᠠ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠤᠨ ᠲᠥᠰᠥᠯ᠂ ᠶᠡᠭᠡ ᠬᠤᠷᠠᠯ ᠤᠨ ᠵᠥᠪᠯᠡᠬᠦ ᠵᠦᠢᠯ ᠤᠨ ᠲᠥᠰᠥᠯ ᠢ | ᠬᠢᠨᠠᠨ ᠵᠥᠪᠯᠡᠪᠡ᠃ | ᠬᠤᠷᠠᠯ ᠠᠴᠠ ᠥᠪᠥᠷ ᠮᠣᠩᠭᠤᠯ ᠤᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢᠨ ᠠᠵᠢᠭᠯᠠᠭᠴᠢ ᠪᠤᠯᠬᠤ ᠶᠢ ᠠᠬᠢᠭᠤᠯᠬᠤ ᠲᠤᠬᠠᠢ | ᠰᠠᠨᠠᠭᠤᠯᠭ᠎ᠠ ᠶᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠯᠭᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠲᠣᠭᠲᠠᠪᠠ᠃ | ᠰᠦᠨ ᠱᠤᠤ ᠴᠧᠩ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠬᠤ ᠪᠥᠭᠡᠳ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠣᠨ᠎ᠠ᠂ ᠡᠯ᠎ᠡ ᠲᠠᠯ᠎ᠠ ᠶᠢᠨ ᠬᠢᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ | ᠪᠢᠳᠡ ᠵᠥᠪ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠠᠯᠢᠪᠠ ᠪᠦᠭᠦᠨ ᠳᠤ ᠤᠯᠤᠰ ᠲᠥᠷᠥ ᠶᠢᠨ ᠲᠠᠯ᠎ᠠ ᠠᠴᠠ ᠪᠣᠳᠣᠯᠬᠢᠯᠠᠬᠤ᠂ ᠶᠡᠭᠡ ᠲᠠᠯ᠎ᠠ ᠶᠢᠨ | ᠳᠣᠣᠷ᠎ᠠ ᠠᠵᠢᠯᠯᠠᠬᠤ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ | ᠴᠢᠩᠭᠠᠳᠬᠠᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠬᠢᠨᠠᠨ ᠵᠥᠪᠯᠡᠬᠦ᠂ ᠪᠠᠲᠤᠯᠠᠬᠤ᠂ ᠰᠠᠨᠠᠭᠤᠯᠭ᠎ᠠ | ᠭᠠᠷᠭᠠᠬᠤ ᠵᠡᠷᠭᠡ ᠡᠷᠬᠡ ᠪᠠᠨ ᠰᠠᠶᠢᠲᠤᠷ ᠬᠡᠷᠡᠭᠵᠢᠭᠦᠯᠵᠦ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠬᠤᠷᠠᠯ ᠤᠨ | ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠶᠡᠭᠡ ᠬᠤᠷᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠵᠦ᠂ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ |