︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠦᠷᠢᠮ︾ ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠡᠶᠢᠲᠡᠯᠡᠭᠰᠡᠨ ᠴᠠᠭ᠄
2024/3/4
       ᠨᠢᠭᠡᠳᠦᠭᠡᠷ ᠵᠦᠢᠯ᠄ ᠭᠠᠵᠠᠷ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠠᠵᠤ ᠠᠬᠤᠢ ᠨᠡᠶᠢᠬᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠪᠠ ᠤᠯᠠᠨ ᠤᠯᠤᠰ ᠤᠨ ᠬᠠᠷᠢᠯᠴᠠᠭᠠᠨ ᠤ ᠬᠡᠷᠡᠭᠴᠡᠭᠡ ᠳᠤ ᠵᠣᠬᠢᠴᠠᠭᠤᠯᠤᠨ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠬᠦ ᠶᠢᠨ ᠲᠥᠯᠥᠭᠡ ᠲᠤᠰ ᠳᠦᠷᠢᠮ ᠢ ᠲᠣᠭᠲᠠᠭᠠᠪᠠ᠃       ᠬᠤᠶᠠᠳᠤᠭᠠᠷ ᠵᠦᠢᠯ᠄ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ᠂ ᠬᠡᠷᠡᠭᠯᠡᠬᠦ᠂ ᠰᠣᠶᠣᠯ ᠤᠨ ᠬᠠᠮᠠᠭᠠᠯᠠᠯᠲᠠ ᠪᠠ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠳᠦᠷᠢᠮ ᠢ ᠬᠡᠷᠡᠭᠯᠡᠨ᠎ᠡ᠃       ᠭᠤᠷᠪᠠᠳᠤᠭᠠᠷ ᠵᠦᠢᠯ᠄ ᠲᠤᠰ ᠳᠦᠷᠢᠮ ᠳᠤ ᠬᠡᠯᠡᠵᠦ ᠪᠠᠶᠢᠭ᠎ᠠ ᠭᠠᠵᠠᠷ ᠤᠨ ᠨᠡᠷᠡᠰ ᠲᠤ ᠲᠠᠷᠠᠭᠠᠬᠢ ᠵᠦᠢᠯ ᠪᠠᠭᠲᠠᠨ᠎ᠠ᠄ ︵ᠨᠢᠭᠡ︶ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠶᠢᠨ ᠨᠡᠷᠡᠶᠢᠳᠦᠯ᠃ ︵ᠬᠤᠶᠠᠷ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠡᠷᠡᠶᠢᠳᠦᠯ᠃ ︵ᠭᠤᠷᠪᠠ︶ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠪᠠᠶᠢᠭ᠎ᠠ ᠭᠠᠵᠠᠷ ᠤᠨ ᠨᠡᠷᠡᠶᠢᠳᠦᠯ᠃ ︵ᠳᠥᠷᠪᠡ︶ ᠬᠤᠳᠠ ᠳᠤ ᠬᠢ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠨᠡᠷᠡᠶᠢᠳᠦᠯ᠃ ︵ᠲᠠᠪᠤ︶ ᠵᠡᠭᠡᠯᠢ ᠭᠤᠳᠤᠮᠵᠢ ᠶᠢᠨ ᠨᠡᠷᠡᠶᠢᠳᠦᠯ᠃ ︵ᠵᠢᠷᠭᠤᠭ᠎ᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠬᠤᠷᠢᠶᠠᠯᠠᠯ᠂ ᠠᠰᠠᠷ ᠪᠠᠷᠢᠯᠭ᠎ᠠ ᠶᠢᠨ ᠨᠡᠷᠡᠶᠢᠳᠦᠯ᠃ ︵ᠲᠤᠯᠤᠭ᠎ᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠴᠠᠭ ᠠᠭᠤᠷ ᠤᠨ ᠲᠥᠬᠦᠭᠡᠷᠦᠮᠵᠢ ᠶᠢᠨ ᠨᠡᠷᠡᠶᠢᠳᠦᠯ᠃ ︵ᠨᠠᠢᠮᠠ︶ ᠭᠠᠵᠠᠷ ᠵᠦᠢ ᠶᠢᠨ ᠴᠢᠬᠤᠯᠠ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠪᠤᠰᠤᠳ ᠭᠠᠵᠠᠷ ᠵᠦᠢ ᠶᠢᠨ ᠪᠣᠳᠠᠲᠤ ᠴᠣᠭᠴᠠ ᠶᠢᠨ ᠨᠡᠷᠡᠶᠢᠳᠦᠯ᠃       ᠳᠥᠷᠪᠡᠳᠦᠭᠡᠷ ᠵᠦᠢᠯ᠄ ᠭᠠᠵᠠᠷ ᠤᠨ ᠨᠡᠷᠡᠰ ᠤᠨ ᠬᠠᠮᠢᠶᠠᠷᠤᠯᠲᠠ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠨᠡᠷᠡᠶᠢᠳᠬᠦ᠂ ᠬᠠᠯᠠᠬᠤ᠂ ᠭᠠᠵᠠᠷ ᠤᠨ ᠨᠡᠷ᠎ᠡ ᠶᠢ ᠨᠡᠷᠡᠶᠢᠳᠬᠦ᠂ ᠬᠠᠯᠠᠬᠤ᠂ ᠬᠡᠷᠡᠭᠯᠡᠬᠦ ᠨᠢ ᠤᠯᠤᠰ ᠤᠨ ᠨᠤᠲᠤᠭ ᠳᠡᠪᠢᠰᠬᠡᠷ ᠤᠨ ᠡᠷᠬᠡ ᠮᠡᠳᠡᠯ᠂ ᠠᠮᠤᠷ ᠲᠦᠪᠰᠢᠨ᠂ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠴᠢᠬᠤᠯᠠ ᠶᠡᠭᠡ ᠬᠡᠷᠡᠭ ᠶᠠᠪᠤᠳᠠᠯ ᠳᠤ ᠬᠤᠯᠪᠤᠬᠳᠠᠪᠠᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ᠃ ᠭᠠᠵᠠᠷ ᠤᠨ ᠨᠡᠷᠡᠰ ᠤᠨ ᠬᠠᠮᠢᠶᠠᠷᠤᠯᠲᠠ ᠨᠢ ᠤᠯᠤᠰ ᠤᠨ ᠡᠷᠬᠡ ᠮᠡᠳᠡᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠠᠰᠢᠭᠲᠠᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠳᠤ ᠠᠰᠢᠭᠲᠠᠢ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠠᠰᠢᠭᠲᠠᠢ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠬᠦ ᠳᠤ ᠠᠰᠢᠭᠲᠠᠢ ᠪᠠᠶᠢᠬᠤ ᠬᠡᠷᠡᠭᠲᠡᠢ᠃ ᠭᠠᠵᠠᠷ ᠤᠨ ᠨᠡᠷᠡᠰ ᠢ ᠬᠠᠷᠢᠴᠠᠩᠭᠤᠢ ᠲᠣᠭᠲᠠᠭᠤᠨ ᠪᠠᠶᠢᠯᠭᠠᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠣᠯ ᠭᠠᠵᠠᠷ ᠤᠨ ᠨᠡᠷ᠎ᠡ ᠶᠢ ᠨᠡᠷᠡᠶᠢᠳᠬᠦ ᠪᠠ ᠬᠠᠯᠠᠬᠤ ᠶᠢ ᠶᠠᠮᠠᠷᠪᠠ ᠬᠤᠪᠢ ᠬᠥᠮᠥᠨ ᠳᠤᠷ᠎ᠠ ᠪᠠᠷ ᠢᠶᠠᠨ ᠲᠣᠭᠲᠠᠭᠠᠵᠤ ᠪᠣᠯᠬᠤ ᠦᠭᠡᠢ᠃       ᠲᠠᠪᠤᠳᠤᠭᠠᠷ ᠵᠦᠢᠯ᠄ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ᠂ ᠬᠡᠷᠡᠭᠯᠡᠬᠦ᠂ ᠰᠣᠶᠣᠯ ᠢ ᠬᠠᠮᠠᠭᠠᠯᠠᠬᠤ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ ᠲᠤᠬᠠᠢ ᠶᠢᠨ ᠭᠠᠵᠠᠷ ᠤᠨ ᠭᠠᠵᠠᠷ ᠵᠦᠢ᠂ ᠲᠡᠦᠬᠡ ᠪᠠ ᠰᠣᠶᠣᠯ ᠤᠨ ᠣᠨᠴᠠᠯᠢᠭ ᠢ ᠲᠤᠰᠬᠠᠵᠤ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠦᠢᠯᠡᠳᠪᠦᠷᠢᠯᠡᠯ ᠠᠮᠢᠳᠤᠷᠠᠯ ᠳᠤ ᠲᠦᠬᠦᠮ ᠦᠵᠡᠭᠦᠯᠬᠦ ᠬᠡᠷᠡᠭᠲᠡᠢ᠃       ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠱᠠᠯᠠᠪᠳᠠᠭᠤᠯᠵᠤ᠂ ᠬᠢᠨᠠᠯᠲᠠ ᠲᠠᠯᠪᠢᠬᠤ ᠬᠡᠷᠡᠭᠳᠡᠢ᠃       ᠳᠣᠯᠣᠳᠤᠭᠠᠷ ᠵᠦᠢᠯ᠄ ᠳᠣᠷᠣ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︵ᠲᠦᠷᠤ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ︶ ᠪᠦᠬᠦ ᠤᠯᠤᠰ ᠤᠨ ᠭᠠᠵᠠᠷ ᠤᠨ ᠨᠡᠷᠡᠰ ᠤᠨ ᠠᠵᠢᠯ ᠢ ᠨᠢᠬᠡᠳᠤᠯᠳᠡᠢ ᠪᠠᠷ ᠬᠢᠨᠠᠨ ᠬᠠᠮᠢᠶᠠᠷᠤᠨ᠎ᠠ᠃ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠭᠠᠳᠠᠭᠠᠳᠤ ᠬᠠᠷᠢᠯᠴᠠᠭ᠎ᠠ᠂ ᠲᠤᠳᠤᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠤᠷᠤᠨ ᠰᠠᠭᠤᠴᠨ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ᠂ ᠵᠠᠮ ᠬᠠᠷᠢᠯᠴᠠᠭ᠎ᠠ ᠲᠡᠬᠡᠬᠡᠪᠤᠷᠢ᠂ ᠤᠰᠤᠨ ᠠᠰᠢᠬᠯᠠᠯᠳᠠ᠂ ᠰᠤᠶᠤᠯ ᠵᠢᠭᠤᠯᠴᠢᠯᠠᠯ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ᠂ ᠤᠢ ᠰᠢᠭᠤᠢ ᠨᠤᠳᠤᠭ ᠪᠡᠯᠴᠢᠬᠡᠷ᠂ ᠦᠬᠡ ᠬᠡᠯᠨ ᠦᠰᠦᠭ ᠪᠢᠴᠢᠭ ᠤᠨ ᠠᠵᠢᠯ᠂ ᠰᠣᠨᠢᠨ ᠮᠡᠳᠡᠭᠡ ᠬᠡᠪᠯᠡᠯ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠠᠮᠢᠶ᠎ᠠ ᠪᠦᠬᠦᠢ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠷ ᠤᠨ ᠨᠡᠷᠡᠰ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠯᠪᠣᠭᠳᠠᠯ ᠪᠦᠬᠦᠢ ᠭᠠᠵᠠᠷ ᠤᠨ ᠭᠠᠵᠠᠷ ᠤᠨ ᠨᠡᠷᠡᠰ ᠤᠨ ᠬᠠᠮᠨᠢᠶᠠᠷᠤᠯᠳᠠ ᠶᠢᠨ ᠠᠵᠢᠯ ᠢ ᠬᠠᠷᠢᠭᠤᠴᠠᠨ᠎ᠠ᠃       ᠨᠠᠢᠮᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠠᠷ ᠤᠨ ᠨᠡᠷ᠎ᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠵᠦᠪᠰᠢᠶᠡᠷᠡᠭᠰᠡᠨ ᠤ ᠲᠠᠷᠠᠭ᠎ᠠ ᠵᠤᠬᠢᠶᠠᠨ ᠪᠠᠶᠢᠭᠤᠯᠤᠨ ᠬᠡᠷᠡᠭᠵᠢᠬᠦᠯᠤᠨ᠎ᠡ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ