︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠦᠷᠢᠮ︾ ᠬᠤᠶᠠᠳᠤᠭᠠᠷ ᠪᠦᠯᠦᠭ ᠭᠠᠵᠠᠷ ᠤᠨ ᠨᠡᠷ᠎ᠡ ᠶᠢ ᠨᠡᠷᠡᠶᠢᠳᠬᠦ᠂ ᠨᠡᠷᠡᠰ ᠢ ᠬᠠᠯᠠᠬᠤ
ᠨᠡᠶᠢᠲᠡᠯᠡᠭᠰᠡᠨ ᠴᠠᠭ᠄
2024/3/4
       ᠶᠢᠰᠦᠳᠦᠭᠡᠷ ᠵᠦᠢᠯ᠄ ᠭᠠᠵᠠᠷ ᠤᠨ ᠨᠡᠷᠡᠰ ᠨᠢ ᠲᠤᠰᠬᠠᠢ ᠨᠡᠷ᠎ᠡ ᠪᠠ ᠨᠡᠶᠢᠳᠡᠮ ᠨᠡᠷ᠎ᠡ ᠭᠡᠬᠦ ᠬᠤᠶᠠᠷ ᠬᠡᠰᠡᠭ ᠢᠶᠠᠷ ᠪᠦᠷᠢᠯᠳᠦᠨ᠎ᠡ᠃ ᠭᠠᠵᠠᠷ ᠤᠨ ᠨᠡᠷᠡᠰ ᠢ ᠨᠡᠷᠡᠶᠢᠳᠬᠦ ᠳᠤ ᠲᠠᠷᠠᠭᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄       ︵ᠨᠢᠭᠡ︶ ᠤᠳᠬ᠎ᠠ ᠨᠢ ᠲᠣᠳᠣᠷᠬᠠᠢ᠂ ᠡᠷᠡᠭᠦᠯ ᠴᠢᠭᠢᠷᠠᠭ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠬᠦ ᠦᠭᠡᠢ ᠪᠠᠶᠢᠬᠤ᠃ ︵ᠬᠤᠶᠠᠷ︶ ᠭᠠᠵᠠᠷ ᠵᠦᠢ ᠶᠢᠨ ᠪᠣᠳᠠᠲᠤ ᠴᠣᠭᠴᠠ ᠶᠢᠨ ᠪᠣᠳᠠᠲᠤ ᠭᠠᠵᠠᠷ ᠣᠷᠣᠨ᠂ ᠬᠡᠪᠴᠢᠶ᠎ᠡ᠂ ᠰᠢᠨᠵᠢ ᠴᠢᠨᠠᠷ ᠵᠡᠷᠭᠡ ᠣᠨᠴᠠᠯᠢᠭ ᠲᠤ ᠨᠡᠶᠢᠴᠡᠭᠰᠡᠨ ᠪᠠᠶᠢᠬᠤ᠃ ︵ᠭᠤᠷᠪᠠ︶ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠵᠦ᠂ ᠴᠥᠭᠡᠨ ᠬᠡᠷᠡᠭᠯᠡᠭᠳᠡᠬᠦ ᠦᠰᠦᠭ ᠢ ᠬᠡᠷᠡᠭᠯᠡᠬᠦ ᠠᠴᠠ ᠵᠠᠶᠢᠯᠠᠰᠬᠢᠬᠦ᠃ ︵ᠲᠦᠢᠷᠪᠡ︶ ᠡᠩ ᠤᠨ ᠪᠠᠶᠢᠳᠠᠯ ᠳᠤ ᠬᠥᠮᠥᠨ ᠤ ᠨᠡᠷᠡᠰ ᠢ ᠭᠠᠵᠠᠷ ᠤᠨ ᠨᠡᠷ᠎ᠡ ᠪᠣᠯᠭᠠᠬᠤ ᠦᠬᠡᠢ᠂ ᠲᠦᠷᠤ ᠶᠢᠨ ᠤᠳᠤᠷᠢᠳᠬᠤ ᠬᠥᠮᠥᠨ ᠤ ᠨᠡᠷ᠎ᠡ ᠪᠠᠷ ᠭᠠᠵᠠᠷ ᠤᠨ ᠨᠡᠷ᠎ᠡ ᠪᠣᠯᠭᠠᠬᠤ ᠦᠬᠡᠢ᠃ ︵ᠲᠠᠪᠤ︶ ᠭᠠᠳᠠᠭᠠᠳᠤ ᠤᠯᠤᠰ ᠤᠨ ᠬᠥᠮᠥᠨ ᠤ ᠨᠡᠷ᠎ᠡ᠂ ᠭᠠᠵᠠᠷ ᠤᠨ ᠨᠡᠷ᠎ᠡ ᠪᠠᠷ ᠭᠠᠵᠠᠷ ᠤᠨ ᠨᠡᠷ᠎ᠡ ᠪᠣᠯᠭᠠᠬᠤ ᠦᠬᠡᠢ᠃ ︵ᠵᠢᠷᠭᠤᠭ᠎ᠠ︶ ᠠᠵᠤ ᠠᠬᠤᠶᠢᠯᠠᠯ ᠤᠨ ᠨᠡᠷᠡᠶᠢᠳᠦᠯ ᠪᠤᠶᠤ ᠲᠠᠸᠠᠷ ᠤᠨ ᠲᠡᠮᠳᠡᠭᠲᠦ ᠶᠢᠨ ᠨᠡᠷᠡᠶᠢᠳᠦᠯ ᠢᠶᠠᠷ ᠭᠠᠵᠠᠷ ᠤᠨ ᠨᠡᠷ᠎ᠡ ᠪᠣᠯᠭᠠᠬᠤ ᠦᠬᠡᠢ᠃ ︵ᠲᠤᠯᠤᠭ᠎ᠠ︶ ᠤᠯᠤᠰ ᠤᠨ ᠳᠣᠲᠣᠭᠠᠳᠤ ᠶᠢᠨ ᠨᠠᠷᠠᠲᠠᠢ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠶᠢᠨ ᠨᠡᠷᠡᠶᠢᠳᠦᠯ᠂ ᠪᠦᠬᠦ ᠤᠯᠤᠰ ᠤᠨ ᠬᠡᠪᠴᠢᠶᠡᠨ ᠳᠤ ᠬᠢ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠡᠷᠡᠶᠢᠳᠦᠯ ᠢᠶᠠᠷ ᠲᠠᠬᠢᠨᠳᠠ ᠨᠡᠷᠡᠯᠡᠵᠤ ᠪᠣᠯᠬᠤ ᠦᠬᠡᠢ ᠪᠥᠭᠡᠳ ᠠᠳᠠᠯᠢ ᠳᠠᠭᠤᠳᠠᠯᠭ᠎ᠠ ᠲᠠᠢ ᠪᠠᠶᠢᠬᠤ ᠠᠴᠠ ᠵᠠᠶᠢᠯᠠᠰᠬᠢᠬᠦ ᠬᠡᠷᠡᠭᠲᠡᠢ᠃ ︵ᠨᠠᠢᠮᠠ︶ ᠠᠳᠠᠯᠢ ᠨᠢᠭᠡᠨ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠩ᠂ ᠪᠠᠯᠭᠠᠰᠤᠨ ᠤ ᠨᠡᠷᠡᠶᠢᠳᠦᠯ᠂ ᠠᠳᠠᠯᠢ ᠨᠢᠭᠡᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠪᠠᠶᠢᠭ᠎ᠠ ᠭᠠᠵᠠᠷ ᠤᠨ ᠨᠡᠷᠡᠶᠢᠳᠦᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠷᠡᠶᠢᠳᠦᠯ᠂ ᠪᠦᠳᠦᠬᠡᠨ ᠪᠠᠶᠢᠭᠤᠯᠤᠬᠰᠠᠨ ᠠᠳᠠᠯᠢ ᠨᠢᠬᠡ ᠭᠠᠵᠠᠷ ᠣᠷᠣᠨ ᠤ ᠳᠣᠲᠣᠷᠠᠬᠢ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠬᠤᠷᠢᠶᠠᠯᠠᠯ᠂ ᠠᠰᠠᠷ ᠲᠠᠭᠲᠤ ᠶᠢᠨ ᠨᠡᠷᠡᠶᠢᠳᠦᠯ ᠢᠶᠠᠷ ᠲᠠᠬᠢᠨᠳᠠ ᠨᠡᠷᠡᠯᠡᠵᠦ ᠪᠣᠯᠬᠤ ᠦᠭᠡᠢ ᠪᠥᠭᠡᠳ ᠳᠠᠭᠤᠳᠠᠯᠭ᠎ᠠ ᠠᠳᠠᠯᠢ ᠪᠠᠶᠢᠬᠤ ᠠᠴᠠ ᠵᠠᠶᠢᠯᠠᠰᠬᠢᠨ᠎ᠡ᠃ ︵ᠶᠢᠰᠦ︶ ᠤᠯᠤᠰ ᠤᠨ ᠳᠣᠲᠣᠭᠠᠳᠤ ᠶᠢᠨ ᠠᠯᠳᠠᠷᠲᠤ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ᠂ ᠲᠡᠦᠬᠡ ᠰᠣᠶᠣᠯ ᠤᠨ ᠥᠪ ᠤᠨ ᠪᠠᠭᠤᠷᠢ᠂ ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠠᠴᠠ ᠳᠠᠪᠠᠭᠰᠠᠨ ᠭᠠᠵᠠᠷ ᠵᠦᠢ ᠶᠢᠨ ᠪᠣᠳᠠᠲᠤ ᠴᠣᠭᠴᠠ ᠶᠢᠨ ᠨᠡᠷᠡᠶᠢᠳᠦᠯ ᠢᠶᠠᠷ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠤᠰᠬᠠᠢ ᠨᠡᠷ᠎ᠡ ᠪᠣᠯᠭᠠᠬᠤ ᠦᠭᠡᠢ᠃ ︵ᠠᠷᠪᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠴᠠᠭ ᠠᠭᠤᠷ ᠲᠦᠬᠦᠬᠡᠷᠤᠮᠨᠵᠢ ᠶᠢᠨ ᠨᠡᠷᠡᠶᠢᠳᠦᠯ ᠨᠢ ᠡᠩ ᠤᠨ ᠪᠠᠶᠢᠳᠠᠯ ᠳᠤ ᠪᠠᠶᠢᠭ᠎ᠠ ᠭᠠᠵᠠᠷ ᠤᠨ ᠭᠠᠵᠠᠷ ᠤᠨ ᠨᠡᠷᠡᠰ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠭᠠᠵᠠᠷ ᠤᠨ ᠨᠡᠷᠡᠰ ᠢ ᠨᠡᠷᠡᠶᠢᠳᠬᠦ ᠳᠦᠷᠢᠮ ᠤᠨ ᠲᠤᠬᠠᠢ ᠠᠰ ᠲᠤ ᠪᠠᠨ ᠲᠣᠭᠲᠠᠭᠠᠯ ᠲᠠᠢ ᠪᠤᠯ ᠠᠰ ᠲᠤ ᠪᠠᠨ ᠲᠤᠬᠳᠠᠭᠠᠯ ᠢ ᠵᠢᠷᠤᠮᠯᠠᠨ᠎ᠠ᠃       ᠠᠷᠪᠠᠳᠤᠭᠠᠷ ᠵᠦᠢᠯ᠄ ᠭᠠᠵᠠᠷ ᠤᠨ ᠨᠡᠷᠡᠰ ᠢ ᠬᠠᠤᠯᠢ ᠶᠣᠰᠣᠭᠠᠷ ᠨᠡᠷᠡᠶᠢᠳᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠬᠤᠪᠢᠷᠠᠯᠲᠠ ᠵᠡᠷᠭᠡ ᠰᠢᠯᠲᠠᠭᠠᠨ ᠠᠴᠠ ᠪᠣᠯᠵᠤ ᠭᠠᠵᠠᠷ ᠤᠨ ᠨᠡᠷ᠎ᠡ ᠶᠢᠨ ᠨᠡᠷ᠎ᠡ ᠨᠢᠳᠡᠷ ᠨᠢ ᠨᠡᠶᠢᠴᠡᠬᠦ ᠪᠠᠨ ᠪᠤᠯᠢᠪᠠᠯ ᠨᠡᠷ᠎ᠡ ᠶᠢ ᠨᠢ ᠴᠠᠭ ᠲᠤᠬᠠᠢ ᠳᠤ ᠨᠢ ᠬᠠᠯᠠᠬᠤ ᠬᠡᠷᠡᠭᠲᠡᠢ᠃ ᠭᠠᠵᠠᠷ ᠤᠨ ᠨᠡᠷᠡᠰ ᠢ ᠬᠠᠯᠠᠬᠤ ᠳᠤ ᠲᠤᠰ ᠳᠦᠷᠢᠮ ᠤᠨ ᠶᠢᠰᠦᠳᠦᠭᠡᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠲᠡᠦᠬᠡ ᠰᠣᠶᠣᠯ ᠤᠨ ᠴᠢᠬᠤᠯᠠ ᠦᠨ᠎ᠡ ᠦᠷᠳᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠬᠠᠷᠠᠭᠤᠯᠤᠭᠰᠠᠨ ᠭᠠᠵᠠᠷ ᠤᠨ ᠨᠡᠷᠡᠰ ᠢ ᠡᠩ ᠤᠨ ᠪᠠᠶᠢᠳᠠᠯ ᠳᠤ ᠬᠠᠯᠠᠵᠤ ᠪᠣᠯᠬᠤ ᠦᠭᠡᠢ᠃       ᠠᠷᠪᠠᠨ ᠨᠢᠭᠡᠳᠦᠭᠡᠷ ᠵᠦᠢᠯ᠄ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠡᠷᠭᠡ ᠨᠢ ᠭᠠᠵᠠᠷ ᠤᠨ ᠨᠡᠷᠡᠰ ᠢ ᠨᠡᠷᠡᠶᠢᠳᠬᠦ᠂ ᠨᠡᠷᠡᠰ ᠢ ᠬᠠᠯᠠᠬᠤ ᠪᠠᠷ ᠭᠤᠶᠤᠴᠢᠯᠠᠬᠤ ᠳᠤ ᠭᠤᠶᠤᠴᠢᠯᠠᠯ ᠤᠨ ᠪᠢᠴᠢᠭ ᠲᠤᠰᠢᠶᠠᠬᠤ ᠬᠡᠷᠡᠭᠲᠡᠢ᠃ ᠭᠤᠶᠤᠴᠢᠯᠠᠯ ᠤᠨ ᠪᠢᠴᠢᠭ ᠲᠤ ᠲᠠᠷᠠᠭᠠᠬᠢ ᠮᠠᠲ᠋ᠧᠷᠢᠶᠠᠯ ᠤᠳ ᠢ ᠪᠠᠭᠲᠠᠭᠠᠭᠰᠠᠨ ᠪᠠᠶᠢᠬᠤ ᠬᠡᠷᠡᠭᠲᠡᠢ᠄       ︵ᠨᠢᠭᠡ︶ ᠨᠡᠷᠡᠶᠢᠳᠬᠦ᠂ ᠨᠡᠷ᠎ᠡ ᠶᠢ ᠨᠢ ᠬᠠᠯᠠᠬᠤ ᠲᠥᠰᠥᠯ ᠪᠠ ᠤᠴᠢᠷ ᠰᠢᠯᠲᠠᠭᠠᠨ᠃ ︵ᠬᠤᠶᠠᠷ︶ ᠭᠠᠵᠠᠷ ᠵᠦᠢ ᠶᠢᠨ ᠪᠣᠳᠠᠲᠤ ᠴᠣᠭᠴᠠ ᠶᠢᠨ ᠣᠷᠣᠨ ᠪᠠᠶᠢᠷᠢ᠂ ᠬᠡᠪᠴᠢᠶ᠎ᠡ᠂ ᠰᠢᠨᠵᠢ ᠴᠢᠨᠠᠷ ᠵᠡᠷᠭᠡ ᠦᠨᠳᠦᠰᠦᠨ ᠪᠠᠶᠢᠳᠠᠯ᠃ ︵ᠭᠤᠷᠪᠠ︶ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠳᠡᠪᠰᠢᠭᠦᠯᠦᠨ ᠲᠤᠰᠢᠶᠠᠬᠤ ᠬᠡᠷᠡᠭᠲᠡᠢ ᠭᠡᠵᠦ ᠲᠣᠭᠲᠠᠭᠠᠭᠰᠠᠨ ᠪᠤᠰᠤᠳ ᠮᠠᠲ᠋ᠧᠷᠢᠶᠠᠯ᠃ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠨᠡᠷᠡᠶᠢᠳᠬᠦ᠂ ᠨᠡᠷᠡᠰ ᠢ ᠬᠠᠯᠠᠬᠤ ᠳᠤ ︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ ᠲᠦᠭᠰᠢᠭᠦᠷᠢ ᠶᠢ ᠦᠨᠡᠯᠡᠭᠰᠡᠨ ᠮᠡᠳᠡᠭᠦᠯᠦᠯᠲᠡ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠮᠡᠳᠡᠭᠦᠯᠦᠯᠲᠡ᠂ ᠨᠡᠶᠢᠭᠡᠮ ᠤᠨ ᠬᠢᠨ ᠠᠴᠠ ᠬᠤᠷᠢᠶᠠᠭᠰᠠᠨ ᠵᠡᠷᠭᠡ ᠰᠠᠨᠠᠯ ᠤᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠢ᠃ ᠪᠤᠰᠤᠳ ᠭᠠᠵᠠᠷ ᠤᠨ ᠨᠡᠷᠡᠰ ᠢ ᠨᠡᠷᠡᠶᠢᠳᠬᠦ᠂ ᠨᠡᠷᠡᠰ ᠢ ᠬᠠᠯᠠᠬᠤ ᠳᠤ᠂ ᠨᠡᠶᠢᠭᠡᠮ ᠤᠨ ᠨᠥᠯᠥᠭᠡ᠂ ᠲᠤᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠰᠢᠨᠵᠢ ᠪᠠ ᠣᠯᠠᠨ ᠲᠦᠮᠡᠨ ᠤ ᠠᠮᠢᠳᠤᠷᠠᠯ ᠯᠤᠭ᠎ᠠ ᠬᠢᠷᠢ ᠨᠢᠭᠲᠠ ᠪᠠᠶᠢᠬᠤ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠶᠡᠷᠦᠩᠬᠡᠶᠢᠯᠡᠨ ᠦᠨᠡᠯᠡᠵᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠰᠠᠨᠠᠯ ᠬᠤᠷᠢᠶᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠠᠮᠢᠶ᠎ᠠ ᠪᠦᠬᠦᠢ ᠮᠡᠳᠡᠭᠦᠯᠦᠯᠲᠡ ᠶᠢ ᠲᠤᠰᠢᠶᠠᠬᠤ ᠬᠡᠷᠡᠭᠲᠡᠢ᠃       ᠠᠷᠪᠠᠨ ᠬᠤᠶᠠᠳᠤᠭᠠᠷ ᠵᠦᠢᠯ᠄ ᠭᠠᠵᠠᠷ ᠤᠨ ᠨᠡᠷ᠎ᠡ ᠶᠢ ᠨᠡᠷᠡᠶᠢᠳᠬᠦ᠂ ᠨᠡᠷᠡᠰ ᠢ ᠬᠠᠯᠠᠬᠤ ᠶᠢ ᠵᠥᠪᠰᠢᠶᠡᠷᠡᠬᠦ ᠳᠤ ᠲᠠᠷᠠᠭᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄       ︵ᠨᠢᠭᠡ︶ ᠲᠡᠦᠬᠡ ᠰᠣᠶᠣᠯ ᠤᠨ ᠴᠢᠬᠤᠯᠠ ᠦᠨ᠎ᠡ ᠦᠷᠳᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠬᠠᠷᠠᠭᠤᠯᠤᠭᠰᠠᠨ ᠪᠠ ᠴᠢᠬᠤᠯᠠ ᠶᠡᠭᠡ ᠨᠡᠶᠢᠭᠡᠮ ᠤᠨ ᠨᠥᠯᠥᠭᠡ ᠲᠠᠢ ᠤᠯᠤᠰ ᠤᠨ ᠳᠣᠲᠣᠭᠠᠳᠤ ᠶᠢᠨ ᠨᠡᠷᠡᠳᠦ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠪᠤᠶᠤ ᠬᠤᠶᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠳᠡᠭᠡᠭᠰᠢᠬᠢ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠶᠢ ᠨᠡᠷᠡᠶᠢᠳᠬᠦ᠂ ᠨᠡᠷᠡᠰ ᠢ ᠬᠠᠯᠠᠬᠤ ᠳᠤ ᠬᠤᠯᠪᠣᠭᠳᠠᠬᠤ᠃ ᠬᠢᠯᠢ ᠬᠢᠵᠠᠭᠠᠷ ᠣᠷᠣᠨ ᠤ ᠤᠯᠤᠰ ᠤᠨ ᠬᠢᠯᠢ ᠶᠢᠨ ᠱᠤᠭᠤᠮ ᠤᠨ ᠴᠢᠭᠯᠡᠯ ᠳᠤ ᠬᠤᠯᠪᠣᠭᠳᠠᠬᠤ ᠪᠠ ᠲᠡᠯᠡᠶ ᠳᠡᠭᠡᠷᠡᠬᠢ ᠠᠷᠠᠯ ᠬᠤᠶᠢᠭ ᠲᠤ ᠬᠤᠯᠪᠣᠭᠳᠠᠬᠤ᠂ ᠠᠷᠠᠯ ᠪᠣᠱᠤᠭ᠎ᠠ ᠶᠢᠨ ᠬᠠᠷᠢᠶᠠᠯᠠᠯ ᠤᠨ ᠵᠠᠭᠠᠭ ᠪᠠ ᠬᠢᠯᠢ ᠶᠢᠨ ᠵᠠᠭᠠᠭ ᠤᠨ ᠭᠡᠷ᠎ᠡ ᠪᠠ ᠵᠥᠪᠯᠡᠨ ᠲᠣᠭᠲᠠᠭᠠᠭᠰᠠᠨ ᠪᠢᠴᠢᠭ ᠲᠤ ᠣᠷᠣᠭᠤᠯᠤᠭᠰᠠᠨ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠪᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠪᠠᠶᠢᠭ᠎ᠠ ᠭᠠᠵᠠᠷ ᠵᠡᠷᠭᠡ ᠶᠢᠨ ᠰᠠᠭᠤᠭᠠᠯᠢ ᠠᠷᠠᠳ ᠤᠨ ᠴᠡᠭ ᠢ ᠨᠡᠷᠡᠶᠢᠳᠬᠦ᠂ ᠬᠠᠯᠠᠬᠤ ᠳᠤ᠂ ᠬᠠᠮᠢᠶ᠎ᠠ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠶᠤᠴᠢᠯᠠᠯ ᠭᠠᠷᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠰᠠᠭᠤᠭᠠᠯᠢ ᠠᠷᠠᠳ ᠦᠭᠡᠢ ᠲᠠᠯᠠᠢ ᠶᠢᠨ ᠠᠷᠠᠯ᠂ ᠲᠠᠯᠠᠢ ᠶᠢᠨ ᠣᠷᠣᠨ᠂ ᠲᠠᠯᠠᠢ ᠶᠢᠨ ᠢᠷᠤᠭᠠᠷ ᠤᠨ ᠭᠠᠵᠠᠷ ᠵᠦᠢ ᠶᠢᠨ ᠪᠣᠳᠠᠲᠤ ᠴᠣᠭᠴᠠ ᠶᠢ ᠨᠡᠷᠡᠶᠢᠳᠬᠦ ᠪᠠ ᠬᠠᠯᠠᠬᠤ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠥᠪᠰᠢᠶᠡᠷᠡᠨ᠎ᠡ᠃ ᠪᠤᠰᠤᠳ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠶᠢ ᠨᠡᠷᠡᠶᠢᠳᠬᠦ᠂ ᠬᠠᠯᠠᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ ᠵᠥᠪᠰᠢᠶᠡᠷᠡᠨ᠎ᠡ᠃ ︵ᠬᠤᠶᠠᠷ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠨᠡᠷᠡᠶᠢᠳᠬᠦ᠂ ᠨᠡᠷᠡᠰ ᠢ ᠬᠠᠯᠠᠬᠤ ᠳᠤ ︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠢᠷᠢᠮ︾ ᠤᠨ ᠲᠣᠭᠲᠠᠭᠠᠯ ᠶᠣᠰᠣᠭᠠᠷ ᠵᠥᠪᠰᠢᠶᠡᠷᠡᠨ᠎ᠡ᠃ ︵ᠭᠤᠷᠪᠠ︶ ᠲᠤᠰ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠠᠴᠠ ᠭᠠᠳᠠᠨᠠᠬᠢ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠪᠠᠶᠢᠭ᠎ᠠ ᠭᠠᠵᠠᠷ ᠢ ᠨᠡᠷᠡᠶᠢᠳᠬᠦ᠂ ᠨᠡᠷᠡᠰ ᠢ ᠬᠠᠯᠠᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ ᠵᠥᠪᠰᠢᠶᠡᠷᠡᠨ᠎ᠡ᠃ ︵ᠲᠦᠷᠪᠡ︶ ᠬᠤᠳᠠ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠷᠡᠶᠢᠳᠬᠦ᠂ ᠨᠡᠷᠡᠰ ᠢ ᠬᠠᠯᠠᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠥᠪᠰᠢᠶᠡᠷᠡᠭᠦᠯᠦᠨ᠎ᠡ᠃ ︵ᠲᠠᠪᠤ︶ ᠵᠡᠭᠡᠯᠢ ᠭᠤᠳᠤᠮᠵᠢ ᠶᠢ ᠨᠡᠷᠡᠶᠢᠳᠬᠦ᠂ ᠨᠡᠷᠡᠰ ᠢ ᠬᠠᠯᠠᠬᠤ ᠳᠤ ᠰᠢᠭᠤᠳ ᠬᠠᠷᠢᠶ᠎ᠠ ᠬᠤᠲᠠ᠂ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ᠎ᠡ᠃ ︵ᠵᠢᠷᠭᠤᠭ᠎ᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠬᠤᠷᠢᠶᠠᠯᠠᠯ᠂ ᠠᠰᠠᠷ ᠪᠠᠶᠢᠰᠢᠩ ᠢ ᠨᠡᠷᠡᠶᠢᠳᠬᠦ᠂ ᠨᠡᠷᠡᠰ ᠢ ᠬᠠᠯᠠᠬᠤ ᠳᠤ ᠰᠢᠭᠤᠳ ᠬᠠᠷᠢᠶ᠎ᠠ ᠬᠤᠲᠠ᠂ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠵᠥᠪᠰᠢᠶᠡᠷᠡᠨ᠎ᠡ︔ ︵ᠲᠤᠯᠤᠭ᠎ᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠴᠠᠭ ᠠᠭᠤᠷ ᠤᠨ ᠲᠥᠬᠦᠭᠡᠷᠦᠮᠵᠢ ᠶᠢ ᠨᠡᠷᠡᠶᠢᠳᠬᠦ᠂ ᠨᠡᠷᠡᠰ ᠢ ᠬᠠᠯᠠᠬᠤ ᠳᠤ ᠪᠠᠶᠢᠳᠠᠯ ᠢ ᠦᠨᠳᠦᠰᠦᠯᠡᠨ ᠪᠠᠶᠢᠭ᠎ᠠ ᠭᠠᠵᠠᠷ ᠤᠨ ᠢᠶᠠᠨ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠵᠤ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃       ᠠᠷᠪᠠᠨ ᠭᠤᠷᠪᠠᠳᠤᠭᠠᠷ ᠵᠦᠢᠯ᠄ ᠭᠠᠵᠠᠷ ᠤᠨ ᠨᠡᠷᠡᠰ ᠢ ᠨᠡᠷᠡᠶᠢᠳᠬᠦ᠂ ᠨᠡᠷᠡᠰ ᠢ ᠬᠠᠯᠠᠭᠰᠠᠨ ᠤ ᠳᠠᠷᠠᠭ᠎ᠠ ᠵᠥᠪᠰᠢᠶᠡᠷᠡᠭᠰᠡᠨ ᠪᠠᠶᠢᠭᠤᠯᠭ᠎ᠠ ᠨᠢ ᠵᠥᠪᠰᠢᠶᠡᠷᠡᠭᠰᠡᠨ ᠡᠳᠦᠷ ᠠᠴᠠ 15 ᠬᠤᠨᠤᠭ ᠤᠨ ᠳᠣᠲᠣᠷ᠎ᠠ ᠲᠠᠷᠠᠭᠠᠬᠢ ᠲᠣᠭᠲᠠᠭᠠᠯ ᠶᠣᠰᠣᠭᠠᠷ ᠮᠡᠳᠡᠬᠦᠯᠵᠤ ᠳᠠᠩᠰᠠᠯᠠᠭᠤᠯᠬᠤ ᠬᠡᠷᠡᠭᠲᠡᠢ᠄ ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠭᠠᠵᠠᠷ ᠤᠨ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠳᠠᠩᠰᠠᠯᠠᠭᠤᠯᠵᠤ᠂ ᠳᠠᠩᠰᠠᠯᠠᠭᠤᠯᠤᠭᠰᠠᠨ ᠮᠠᠲ᠋ᠧᠷᠢᠶᠠᠯ ᠢ ᠰᠢᠭᠤᠳ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠳᠤ ᠬᠦᠷᠬᠡᠨ᠎ᠡ᠃ ︵ᠬᠤᠶᠠᠷ︶ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠭᠠᠵᠠᠷ ᠤᠨ ᠨᠡᠷᠡᠰ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠤᠨ᠎ᠠ᠂ ᠳᠠᠩᠰᠠᠯᠠᠭᠤᠯᠤᠭᠰᠠᠨ ᠮᠠᠲ᠋ᠧᠷᠢᠶᠠᠯ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠬᠡᠨ᠎ᠡ᠃ ︵ᠭᠤᠷᠪᠠ︶ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠵᠥᠪᠰᠢᠶᠡᠷᠡᠭᠰᠡᠨ ᠭᠠᠵᠠᠷ ᠤᠨ ᠨᠡᠷᠡᠰ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ︵ᠳᠥᠷᠪᠡ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠭᠠᠵᠠᠷ ᠤᠨ ᠨᠡᠷᠡᠰ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃       ᠠᠷᠪᠠᠨ ᠳᠥᠷᠪᠡᠳᠦᠭᠡᠷ ᠵᠦᠢᠯ᠄ ᠲᠤᠰ ᠳᠦᠷᠢᠮ ᠤᠨ ᠲᠣᠭᠲᠠᠭᠠᠯ ᠶᠣᠰᠣᠭᠠᠷ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠵᠥᠪᠰᠢᠶᠡᠷᠡᠭᠰᠡᠨ ᠭᠠᠵᠠᠷ ᠤᠨ ᠨᠡᠷᠡᠰ ᠢ ᠵᠥᠪᠰᠢᠶᠡᠷᠡᠭᠰᠡᠨ ᠡᠳᠦᠷ ᠠᠴᠠ 15 ᠬᠤᠨᠤᠭ ᠤᠨ ᠳᠣᠲᠣᠷ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠭᠡᠮ ᠳᠤ ᠵᠠᠷᠯᠠᠨ ᠨᠡᠶᠢᠳᠡᠯᠡᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠭᠠᠵᠠᠷ ᠤᠨ ᠨᠡᠷᠡᠰ ᠢ ᠲᠣᠭᠲᠠᠭᠠᠯ ᠶᠣᠰᠣᠭᠠᠷ ᠮᠡᠳᠡᠭᠦᠯᠦᠨ ᠳᠠᠩᠰᠠᠯᠠᠭᠤᠯᠤᠭᠰᠠᠨ ᠡᠳᠦᠷ ᠠᠴᠠ 15 ᠬᠤᠨᠤᠭ ᠤᠨ ᠳᠣᠲᠣᠷ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠭᠡᠮ ᠳᠤ ᠵᠠᠷᠯᠠᠨ ᠨᠡᠶᠢᠲᠡᠯᠡᠨ᠎ᠡ᠃  
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ