︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠦᠷᠢᠮ︾ ᠭᠤᠷᠪᠠᠳᠤᠭᠠᠷ ᠪᠦᠯᠦᠭ ᠭᠠᠵᠠᠷ ᠤᠨ ᠨᠡᠷᠡᠰ ᠢ ᠬᠡᠷᠡᠭᠯᠡᠬᠦ
ᠨᠡᠶᠢᠲᠡᠯᠡᠭᠰᠡᠨ ᠴᠠᠭ᠄
2024/3/4
       ᠠᠷᠪᠠᠨ ᠲᠠᠪᠤᠳᠤᠭᠠᠷ ᠵᠦᠢᠯ ᠭᠠᠵᠠᠷ ᠤᠨ ᠨᠡᠷ᠎ᠡ ᠶᠢ ᠬᠡᠷᠡᠭᠯᠡᠬᠦ ᠳᠡᠭᠡᠨ ᠪᠠᠷᠢᠮᠵᠢᠶ᠎ᠠ᠂ ᠵᠢᠷᠤᠮᠵᠢᠯ ᠲᠠᠢ ᠪᠠᠶᠢᠬᠤ ᠬᠡᠷᠡᠭᠲᠡᠢ᠃ ᠭᠠᠵᠠᠷ ᠤᠨ ᠨᠡᠷ᠎ᠡ ᠶᠢ ᠷᠣᠮᠠ ᠴᠠᠭᠠᠨ ᠲᠤᠯᠤᠭᠠᠢ ᠪᠠᠷ ᠠᠪᠢᠶᠠᠴᠢᠯᠠᠨ ᠪᠢᠴᠢᠬᠦ ᠳᠤ ︽ᠬᠢᠲᠠᠳ ᠬᠡᠯᠡᠨ ᠤ ᠠᠪᠢᠶ᠎ᠠ ᠲᠡᠮᠳᠡᠭᠯᠡᠬᠦ ᠲᠥᠰᠥᠯ︾ ᠢᠶᠠᠷ ᠨᠢᠭᠡᠳᠦᠯᠲᠡᠢ ᠵᠢᠷᠤᠮᠵᠢᠯ ᠪᠣᠯᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠲᠣᠭᠲᠠᠭᠠᠭᠰᠠᠨ ᠳᠦᠷᠢᠮ ᠶᠣᠰᠣᠭᠠᠷ ᠠᠪᠢᠶᠠᠴᠢᠯᠠᠨ ᠪᠢᠴᠢᠨ᠎ᠡ᠃ ᠲᠤᠰ ᠳᠦᠷᠢᠮ ᠤᠨ ᠲᠣᠭᠲᠠᠭᠠᠯ ᠶᠣᠰᠣᠭᠠᠷ ᠵᠥᠪᠰᠢᠶᠡᠷᠡᠭᠰᠡᠨ ᠭᠠᠵᠠᠷ ᠤᠨ ᠨᠡᠷᠡᠰ ᠨᠢ ᠪᠠᠷᠢᠮᠵᠢᠶᠠᠲᠤ ᠭᠠᠵᠠᠷ ᠤᠨ ᠨᠡᠷᠡᠰ ᠪᠣᠯᠣᠨ᠎ᠠ᠃ ᠪᠠᠷᠢᠮᠵᠢᠶᠠᠲᠤ ᠭᠠᠵᠠᠷ ᠤᠨ ᠨᠡᠷᠡᠰ ᠨᠢ ᠭᠠᠵᠠᠷ ᠤᠨ ᠨᠡᠷᠡᠰ ᠤᠨ ᠬᠡᠷᠡᠭᠯᠡᠭᠡᠨ ᠤ ᠦᠰᠦᠭ ᠤᠨ ᠳᠠᠭᠤᠳᠠᠯᠭ᠎ᠠ ᠶᠢ ᠬᠢᠨᠠᠨ ᠲᠣᠭᠲᠠᠭᠠᠬᠤ ᠵᠢᠷᠤᠮᠵᠢᠯ ᠪᠠ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷᠡᠰ᠂ ᠭᠠᠳᠠᠭᠠᠳᠤ ᠬᠡᠯᠡᠨ ᠤ ᠭᠠᠵᠠᠷ ᠤᠨ ᠨᠡᠷᠡᠰ ᠢ ᠬᠢᠲᠠᠳ ᠦᠰᠦᠭ ᠢᠶᠠᠷ ᠣᠷᠴᠢᠭᠤᠯᠤᠨ ᠪᠢᠴᠢᠬᠦ ᠵᠡᠷᠭᠡ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃       ᠠᠷᠪᠠᠨ ᠵᠢᠷᠭᠤᠳᠤᠭᠠᠷ ᠵᠦᠢᠯ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢ ᠨᠢᠭᠡᠳᠦᠯᠲᠡᠢ ᠪᠠᠶᠢᠭᠤᠯᠵᠤ᠂ ᠪᠠᠷᠢᠮᠵᠢᠶᠠᠲᠤ ᠭᠠᠵᠠᠷ ᠤᠨ ᠨᠡᠷᠡᠰ ᠵᠡᠷᠭᠡ ᠮᠡᠳᠡᠭᠡ ᠵᠠᠩᠭᠢ ᠶᠢ ᠨᠡᠶᠢᠲᠡᠯᠡᠨ᠂ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢᠨ ᠣᠯᠠᠨ ᠲᠦᠮᠡᠨ ᠤ ᠠᠮᠢᠳᠤᠷᠠᠯ᠂ ᠨᠡᠶᠢᠭᠡᠮ ᠤᠨ ᠵᠠᠰᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠦᠢᠯᠡᠴᠢᠯᠡᠬᠦ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠲᠥᠬᠦᠮ ᠳᠥᠲᠡᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠤ ᠬᠡᠷᠡᠭᠯᠡᠬᠦ ᠳᠤ ᠲᠥᠬᠦᠮ ᠦᠵᠡᠭᠦᠯᠦᠨ᠎ᠡ᠃       ᠠᠷᠪᠠᠨ ᠳᠣᠯᠣᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠤᠪᠢᠶᠠᠯᠴᠠᠬᠤ ᠬᠡᠷᠡᠭᠳᠡᠢ᠃       ᠠᠷᠪᠠᠨ ᠨᠠᠢᠮᠠᠳᠤᠭᠠᠷ ᠵᠦᠢᠯ᠄ ᠲᠠᠷᠠᠭᠠᠬᠢ ᠬᠡᠪᠴᠢᠶᠡᠨ ᠳᠤ ᠡᠷᠬᠡᠪᠰᠢ ᠪᠠᠷᠢᠮᠵᠢᠶᠠᠲᠤ ᠭᠠᠵᠠᠷ ᠤᠨ ᠨᠡᠷ᠎ᠡ ᠶᠢ ᠬᠡᠷᠡᠭᠯᠡᠬᠦ ᠬᠡᠷᠡᠭᠲᠡᠢ᠄       ︵ᠨᠢᠭᠡ︶ ᠭᠠᠵᠠᠷ ᠤᠨ ᠨᠡᠷ᠎ᠡ ᠶᠢᠨ ᠢᠯᠡᠳᠬᠡᠮᠵᠢ ᠲᠡᠮᠳᠡᠭ᠂ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠵᠠᠷ ᠤᠨ ᠫᠠᠶᠢᠰᠠ ᠢᠯᠡᠷᠬᠡᠶᠢᠯᠡᠯ ᠵᠡᠷᠭᠡ᠃ ︵ᠬᠤᠶᠠᠷ︶ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠠ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠤᠯᠠᠨ ᠨᠡᠶᠢᠲᠡ ᠶᠢᠨ ᠲᠠᠪᠴᠠᠩ ᠢᠶᠠᠷ ᠨᠡᠶᠢᠲᠡᠯᠡᠭᠰᠡᠨ ᠮᠡᠳᠡᠭᠡ ᠵᠠᠩᠭᠢ᠃ ︵ᠭᠤᠷᠪᠠ︶ ᠬᠠᠤᠯᠢ ᠴᠠᠭᠠᠵᠠ ᠶᠢᠨ ᠪᠢᠴᠢᠭ ᠬᠠᠷ᠎ᠠ᠂ ᠪᠡᠶ᠎ᠡ ᠶᠢᠨ ᠬᠢᠷᠢ ᠬᠡᠮ ᠤᠨ ᠭᠡᠷᠡᠴᠢ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠵᠡᠷᠭᠡ ᠡᠯ᠎ᠡ ᠲᠦᠷᠦᠯ ᠤᠨ ᠠᠯᠪᠠᠨ ᠪᠢᠴᠢᠭ᠂ ᠭᠡᠷᠡᠴᠢ ᠦᠨᠡᠮᠯᠡᠯ᠃ ︵ᠳᠥᠷᠪᠡ︶ ᠲᠣᠯᠢ ᠪᠢᠴᠢᠭ ᠵᠡᠷᠭᠡ ᠪᠠᠭᠠᠵᠢ ᠬᠡᠷᠡᠭᠰᠡᠯ ᠤᠨ ᠲᠦᠷᠦᠯ ᠪᠠ ᠵᠢᠭᠠᠬᠤ ᠮᠠᠲ᠋ᠧᠷᠢᠶᠠᠯ ᠵᠢᠭᠠᠨ ᠰᠤᠷᠭᠠᠬᠤ ᠶᠢᠨ ᠬᠠᠪᠰᠤᠷᠤᠮᠵᠢ ᠪᠢᠴᠢᠭ ᠵᠡᠷᠭᠡ ᠰᠤᠷᠤᠯᠴᠠᠯᠭ᠎ᠠ ᠶᠢᠨ ᠲᠦᠷᠦᠯ ᠤᠨ ᠢᠯᠡ ᠬᠡᠪᠯᠡᠭᠳᠡᠬᠦᠨ᠃ ︵ᠲᠠᠪᠤ︶ ᠨᠡᠶᠢᠭᠡᠮ ᠨᠡᠶᠢᠲᠡ ᠳᠤ ᠢᠯᠠ ᠪᠠᠷ ᠨᠡᠶᠢᠲᠡᠯᠡᠭᠰᠡᠨ ᠭᠠᠵᠠᠷ ᠤᠨ ᠵᠢᠷᠤᠭ᠃ ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠷᠢᠮᠵᠢᠶᠠᠲᠤ ᠭᠠᠵᠠᠷ ᠤᠨ ᠨᠡᠷᠡᠰ ᠢ ᠬᠡᠷᠡᠭᠯᠡᠬᠦ ᠶᠣᠰᠣᠲᠠᠢ ᠪᠤᠰᠤᠳ ᠪᠠᠶᠢᠳᠠᠯ ᠤᠳ᠃       ᠠᠷᠪᠠ ᠶᠢᠰᠦᠳᠦᠭᠡᠷ ᠵᠦᠢᠯ᠄ ᠪᠠᠷᠢᠮᠵᠢᠶᠠᠲᠤ ᠭᠠᠵᠠᠷ ᠤᠨ ᠨᠡᠷᠡᠰ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠵᠠᠷ ᠤᠨ ᠨᠡᠷᠡᠰ ᠤᠨ ᠲᠡᠮᠳᠡᠭ ᠳᠡᠭᠡᠷ᠎ᠡ ᠲᠣᠳᠣᠷᠬᠠᠶᠢᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠤᠨ ᠨᠡᠷᠡᠰ ᠤᠨ ᠲᠡᠮᠳᠡᠭ ᠢ ᠳᠤᠷ᠎ᠠ ᠪᠠᠷ ᠢᠶᠠᠨ ᠵᠣᠬᠢᠶᠠᠵᠤ᠂ ᠨᠤᠷᠠᠭᠠᠵᠤ᠂ ᠰᠢᠯᠵᠢᠭᠦᠯᠵᠦ᠂ ᠪᠠᠯᠠᠯᠤᠨ ᠵᠠᠰᠠᠵᠤ᠂ ᠬᠠᠯᠬᠠᠯᠠᠵᠤ᠂ ᠡᠪᠳᠡᠨ ᠰᠦᠢᠳᠬᠡᠵᠦ ᠪᠣᠯᠬᠤ ᠦᠭᠡᠢ᠃       ᠬᠤᠷᠢᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠤᠨ ᠨᠡᠷᠡᠰ ᠤᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃       ᠬᠤᠷᠢᠨ ᠨᠢᠭᠡᠳᠦᠭᠡᠷ ᠵᠦᠢᠯ᠄ ᠰᠢᠭᠤᠳ ᠬᠠᠷᠢᠶ᠎ᠠ ᠬᠤᠲᠠ᠂ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠪᠠᠷᠢᠮᠵᠢᠶᠠᠲᠤ ᠭᠠᠵᠠᠷ ᠤᠨ ᠨᠡᠷᠡᠰ ᠢ ᠦᠨᠳᠦᠰᠦᠯᠡᠨ ᠪᠠᠷᠢᠮᠵᠢᠶᠠᠲᠤ ᠬᠠᠶ᠋ᠢᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠢ᠃ ᠬᠤᠷᠢᠨ ᠬᠤᠶᠠᠳᠤᠭᠠᠷ ᠵᠦᠢᠯ᠄ ᠪᠠᠷᠢᠮᠵᠢᠶᠠᠲᠤ ᠭᠠᠵᠠᠷ ᠤᠨ ᠨᠡᠷᠡᠰ ᠤᠨ ᠬᠡᠪᠯᠡᠭᠳᠡᠬᠦᠨ ᠢ ᠭᠠᠵᠠᠷ ᠤᠨ ᠨᠡᠷᠡᠰ ᠤᠨ ᠪᠠᠶᠢᠭᠤᠯᠤᠮᠵᠢ ᠶᠢᠨ ᠬᠢᠨ ᠡᠮᠬᠢᠳᠬᠡᠨ ᠬᠡᠪᠯᠡᠭᠦᠯᠬᠦ ᠠᠵᠢᠯ ᠢ ᠬᠠᠷᠢᠭᠤᠴᠠᠨ᠎ᠠ᠃ ᠡᠭᠦᠨ ᠳᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠨᠡᠷᠡᠶᠢᠳᠦᠯ ᠢ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠪᠣᠳᠠᠲᠠᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠡᠮᠬᠢᠳᠬᠡᠨ ᠬᠡᠪᠯᠡᠭᠦᠯᠦᠨ᠎ᠡ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ