︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠦᠷᠢᠮ︾ ᠳᠥᠷᠪᠡᠳᠦᠭᠡᠷ ᠪᠦᠯᠦᠭ ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ
ᠨᠡᠶᠢᠲᠡᠯᠡᠭᠰᠡᠨ ᠴᠠᠭ᠄
2024/3/4
       ᠬᠤᠷᠢᠨ ᠭᠤᠷᠪᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠮᠠᠨ ᠤ ᠤᠯᠤᠰ ᠤᠨ ᠭᠠᠵᠠᠷ ᠤᠨ ᠨᠡᠷᠡᠰ ᠤᠨ ᠲᠡᠦᠬᠡ ᠪᠠ ᠪᠣᠳᠠᠲᠤ ᠪᠠᠶᠢᠳᠠᠯ ᠠᠴᠠ ᠡᠭᠦᠰᠴᠦ᠂ ᠭᠠᠵᠠᠷ ᠤᠨ ᠨᠡᠷᠡᠰ ᠤᠨ ᠰᠣᠶᠣᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠭᠠᠵᠠᠷ ᠤᠨ ᠨᠡᠷᠡᠰ ᠤᠨ ᠰᠣᠶᠣᠯ ᠢ ᠵᠣᠬᠢᠶᠠᠨ ᠪᠠᠶᠢᠭᠤᠯᠤᠨ ᠰᠤᠳᠤᠯᠵᠤ᠂ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃       ᠬᠤᠷᠢᠨ ᠳᠥᠷᠪᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠤᠨ ᠨᠡᠷᠡᠰ ᠤᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ᠪᠥᠭᠡᠳ ᠨᠥᠬᠦᠴᠡᠯ ᠳᠤ ᠨᠡᠶᠢᠴᠡᠬᠦ ᠭᠠᠵᠠᠷ ᠤᠨ ᠨᠡᠷᠡᠰ ᠤᠨ ᠰᠣᠶᠣᠯ ᠤᠨ ᠥᠪ ᠢ ᠬᠠᠤᠯᠢ ᠶᠣᠰᠣᠭᠠᠷ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠡᠪᠴᠢᠶᠡᠨ ᠳᠤ ᠤᠷᠤᠭᠤᠯᠬᠤ ᠬᠡᠷᠡᠭᠳᠡᠢ᠃       ᠬᠤᠷᠢᠨ ᠲᠠᠪᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠡᠦᠬᠡ ᠰᠣᠶᠣᠯ ᠤᠨ ᠴᠢᠬᠤᠯᠠ ᠦᠨ᠎ᠡ ᠦᠷᠲᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠬᠠᠷᠠᠭᠤᠯᠤᠭᠰᠠᠨ ᠭᠠᠵᠠᠷ ᠤᠨ ᠨᠡᠷᠡᠰ ᠢ ᠨᠡᠶᠢᠳᠡᠮ ᠪᠠᠶᠢᠴᠠᠭᠠᠵᠤ᠂ ᠴᠤᠭᠯᠠᠭᠤᠯᠬᠤ᠂ ᠲᠡᠮᠳᠡᠭᠯᠡᠬᠦ᠂ ᠪᠦᠷᠢᠳᠬᠡᠬᠦ ᠵᠡᠷᠭᠡ ᠠᠵᠢᠯ ᠢ ᠰᠠᠶᠢᠲᠤᠷ ᠬᠢᠵᠦ᠂ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠬᠡᠷᠡᠭᠲᠡᠢ᠃ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠰᠠᠨ ᠭᠠᠵᠠᠷ ᠤᠨ ᠨᠡᠷᠡᠰ ᠢ ᠦᠨᠡᠬᠡᠷ ᠬᠠᠯᠠᠬᠤ ᠴᠢᠬᠤᠯᠠᠲᠠᠢ ᠪᠤᠯ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠤᠬᠢᠴᠠᠬᠰᠠᠨ ᠬᠠᠮᠠᠭᠠᠯᠠᠯᠲᠠ ᠶᠢᠨ ᠠᠷᠭ᠎ᠠ ᠶᠢ ᠤᠷᠢᠳᠴᠢᠯᠠᠨ ᠲᠣᠭᠲᠠᠭᠠᠬᠤ ᠬᠡᠷᠡᠭᠲᠡᠢ᠃       ᠬᠤᠷᠢᠨ ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠤᠨ ᠨᠡᠷᠡᠰ ᠤᠨ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠭᠠᠵᠠᠷ ᠤᠨ ᠨᠡᠷᠡᠰ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤᠯᠤᠰ ᠤᠨ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨ ᠲᠠᠢ ᠬᠠᠮᠳᠤᠷᠠᠵᠤ ᠲᠤᠬᠳᠠᠭᠠᠬᠤ ᠬᠡᠷᠡᠭᠳᠡᠢ᠃       ᠬᠤᠷᠢᠨ ᠳᠣᠯᠣᠳᠤᠭᠠᠷ ᠵᠦᠢᠯ᠄ ᠤᠯᠤᠰ ᠠᠴᠠ ᠠᠷᠠᠳ ᠢᠷᠭᠡᠨ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠤᠯᠤᠰ ᠠᠴᠠ ᠵᠤᠷᠢᠬᠵᠢᠭᠤᠯᠤᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ