ᠬᠠᠰᠤᠨᠲᠤᠩᠭᠠᠯᠠᠭ᠄ ᠪᠣᠳᠠᠲᠤ ᠦᠢᠯᠡ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ​
ᠨᠡᠶᠢᠲᠡᠯᠡᠭᠰᠡᠨ ᠴᠠᠭ᠄
2024/3/5
       ᠬᠠᠰᠤᠨᠲᠤᠩᠭᠠᠯᠠᠭ ᠪᠣᠯ ᠲᠦᠩᠯᠢᠶᠣᠣ ᠬᠤᠳᠠ ᠶᠢᠨ ᠬᠦᠷᠢᠶ᠎ᠡ ᠬᠤᠰᠢᠭᠤᠨ ᠤ ᠡᠯᠡᠰᠦᠨ ᠪᠠᠯᠭᠠᠰᠤᠨ ᠤ ᠠᠷᠪᠠ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠰᠠ ᠲᠤᠰ ᠪᠠᠯᠭᠠᠰᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠡᠰᠢᠭᠦᠨ ᠪᠣᠯᠣᠨ᠎ᠠ᠂ ᠲᠡᠷᠡ ᠥᠪᠡᠷ ᠤᠨ ᠦᠶᠯᠡ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠤ ᠬᠦᠷᠢᠶᠡᠯᠡᠯ ᠢ ᠣᠯᠪᠠ᠃       ᠲᠡᠭᠦᠨ ᠤ ᠲᠤᠬᠠᠶᠢᠯᠠᠭᠰᠠᠨ ᠠᠵᠢᠯ ᠪᠣᠯ ᠡᠯᠡᠰᠦᠨ ᠪᠠᠯᠭᠠᠰᠤᠨ ᠤ ᠰᠦᠷᠲᠦ ᠭᠠᠴᠠᠭᠠᠨ ᠤ ᠨᠢᠭᠡᠨ ᠲᠣᠰᠬᠤᠨ ᠤ ᠡᠮᠴᠢ ᠪᠣᠯᠣᠨ᠎ᠠ᠂ ᠲᠡᠷᠡ ᠤᠯᠠᠨ ᠵᠢᠯ ᠡᠮᠴᠢᠯᠡᠵᠦ᠂ ᠮᠠᠰᠢ ᠤᠯᠠᠨ ᠬᠦᠴᠢᠷ ᠲᠦᠪᠡᠭ ᠲᠠᠢ ᠡᠪᠡᠳᠴᠢᠨ ᠳᠤ ᠲᠤᠯᠭᠠᠷᠠᠵᠤ᠂ ᠭᠠᠴᠠᠭ᠎ᠠ ᠶᠢᠨ ᠨᠠᠰᠤᠲᠠᠶᠢᠴᠤᠳ ᠤᠨ ᠡᠪᠡᠳᠴᠢᠨ ᠦᠵᠡᠭᠦᠯᠭᠦ ᠳᠤ ᠬᠦᠴᠢᠷ᠂ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠡᠷ ᠤᠨ ᠰᠦᠢᠳᠬᠡᠯ ᠢᠶᠠᠷ ᠢᠶᠠᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠬᠦᠷᠴᠦ ᠳᠠᠪᠲᠠᠨ ᠪᠣᠯᠪᠠᠰᠤᠷᠠᠭᠰᠠᠨ ᠪᠥᠭᠡᠳ ᠲᠤᠬᠠᠢ ᠶᠢᠨ ᠭᠠᠵᠠᠷ ᠤᠨ ᠨᠡᠷᠡᠳᠤ ᠮᠣᠩᠭᠤᠯ ᠡᠮᠴᠢ ᠠᠴᠠ ᠬᠢᠴᠢᠶᠡᠩᠭᠦᠶᠢᠯᠡᠨ ᠰᠤᠷᠤᠯᠴᠠᠵᠤ᠂ ᠰᠣᠷᠣᠭᠤᠯ ᠲᠠᠯᠪᠢᠬᠤ᠂ ᠬᠠᠨᠠᠬᠤ ᠵᠠᠰᠠᠯ᠂ ᠭᠠᠯ ᠵᠠᠰᠠᠯ ᠵᠡᠷᠭᠡ ᠡᠮᠴᠢᠯᠡᠭᠡᠨ ᠤ ᠮᠡᠷᠭᠡᠵᠢᠯ ᠢ ᠰᠢᠰᠲ᠋ᠧᠮ ᠲᠠᠢ ᠰᠤᠷᠤᠯᠴᠠᠨ ᠠᠵᠢᠯ ᠤᠨ ᠳᠤᠮᠳᠠ ᠪᠠᠨ ᠬᠡᠷᠡᠭᠯᠡᠵᠦ᠂ ᠬᠤᠯᠠ ᠣᠶᠢᠷ᠎ᠠ ᠳᠠᠭᠠᠨ ᠠᠯᠳᠠᠷᠰᠢᠭᠰᠠᠨ ᠡᠮᠴᠢ ᠪᠣᠯᠵᠠᠢ᠃ ᠬᠠᠰᠤᠨᠲᠤᠩᠭᠠᠯᠠᠭ ᠵᠠᠷᠢᠮ ᠬᠢᠲᠠᠳ ᠦᠰᠦᠭ ᠮᠡᠳᠡᠬᠦ ᠦᠭᠡᠢ ᠠᠬᠠᠮᠠᠳ ᠮᠠᠯᠴᠢᠨ ᠲᠠᠷᠢᠶᠠᠴᠢᠨ ᠢ ᠬᠠᠯᠠᠮᠵᠢᠯᠠᠨ ᠬᠢᠲᠠᠳ ᠡᠮ ᠤᠨ ᠬᠠᠶᠢᠷᠴᠠᠭ ᠪᠣᠯᠭᠠᠨ ᠳᠡᠭᠡᠷ᠎ᠡ ᠪᠦᠷ ᠮᠣᠩᠭᠤᠯ ᠦᠰᠦᠭ ᠢᠶᠠᠷ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠲᠡᠮᠳᠡᠭᠯᠡᠨ ᠥᠭᠴᠦ᠂ ᠲᠡᠳᠡᠨ ᠤ ᠡᠮ ᠢᠶᠠᠨ ᠪᠤᠷᠤᠭᠤ ᠤᠤᠭᠤᠬᠤ ᠠᠴᠠ ᠬᠢᠴᠢᠶᠡᠵᠦ᠂ ᠦᠢᠯᠡ ᠠᠵᠢᠯᠯᠠᠭ᠎ᠠ ᠶᠢᠨ ᠬᠢᠨᠢ ᠵᠢᠵᠢᠭ ᠰᠠᠵᠢᠭ ᠨᠠᠷᠢᠨ ᠵᠦᠢᠯᠡᠰ  ᠲᠤᠨᠢ ᠡᠮᠴᠢ ᠬᠥᠮᠥᠨ ᠤ ᠡᠨᠡᠷᠢᠩᠭᠦᠢ ᠰᠡᠳᠬᠢᠯ ᠢᠯᠡᠷᠡᠵᠦ ᠪᠠᠶᠢᠳᠠᠭ᠃ ᠵᠢᠱᠢᠶᠡᠯᠡᠪᠡᠯ᠂ ᠵᠢᠯ ᠪᠦᠷᠢ ᠰᠦᠷᠲᠦ ᠭᠠᠴᠠᠭᠠᠨ ᠤ 1125 ᠭᠠᠴᠠᠭᠠᠨ ᠤ ᠠᠷᠠᠳ ᠲᠤ ᠨᠢᠭᠡ ᠤᠳᠠᠭ᠎ᠠ ᠰᠦᠢᠳᠬᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠥᠭᠬᠦ ᠶᠢᠨ ᠬᠠᠮᠲᠤ ᠬᠥᠮᠥᠨ ᠪᠦᠷᠢ ᠳᠤ ᠨᠢᠭᠡ ᠬᠤᠪᠢ ᠡᠷᠡᠭᠦᠯ ᠮᠡᠨᠳᠦ ᠶᠢᠨ ᠨᠠᠷᠢᠨ ᠲᠠᠩᠰᠠ ᠡᠪᠬᠡᠮᠡᠯ ᠡᠮᠬᠢᠯᠡᠨ ᠥᠭᠴᠦ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠳᠡᠭ᠃       ᠲᠡᠷᠡ ᠪᠠᠷ ᠲᠦᠩᠯᠢᠶᠣᠣ ᠬᠤᠲᠠ᠂ ᠬᠦᠷᠢᠶ᠎ᠡ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ︽ᠶᠣᠰᠣ ᠰᠤᠷᠲᠠᠬᠤᠨ ᠤ ᠵᠢᠱᠢᠶᠡᠴᠢ︾ ᠪᠠᠷ ᠨᠡᠷ᠎ᠡ ᠳᠤᠷᠠᠳᠤᠭᠳᠠᠵᠤ᠂ ᠲᠥᠪ ᠤᠨ ᠲᠧᠯᠸᠢᠰ ᠬᠤᠷᠢᠶ᠎ᠠ ᠶᠢᠨ ︽ᠬᠠᠮᠤᠭ ᠤᠨ ᠭᠤᠶᠣ ᠬᠥᠳᠡᠭᠡ ᠲᠣᠰᠬᠤᠨ ᠤ ᠡᠮᠴᠢ ᠶᠢ ᠡᠷᠢᠶ᠎ᠡ︾ ᠪᠤᠯᠤᠩ ᠳᠤ ᠰᠣᠩᠭᠤᠭᠳᠠᠨ ᠣᠷᠣᠵᠤ᠂ ︽ᠳᠤᠮᠳᠠᠳᠤ ᠤᠯᠤᠰ ᠤᠨ ᠡᠮᠴᠢ ᠶᠢᠨ ᠱᠠᠩᠨᠠᠯ︾ ᠢ ᠬᠦᠷᠲᠡᠵᠦ ᠥᠩᠭᠡᠷᠡᠵᠡᠢ᠂ ᠲᠡᠭᠦᠨ ᠤ ᠬᠤᠪᠢ ᠬᠥᠮᠥᠨ ᠤ ᠦᠶᠯᠡ ᠠᠵᠢᠯᠯᠠᠭ᠎ᠠ ᠶᠢ ᠲᠥᠪ ᠤᠨ ᠲᠧᠯᠸᠢᠰ ᠬᠤᠷᠢᠶ᠎ᠠ᠂ ︽ᠳᠤᠮᠳᠠᠳᠤ ᠤᠯᠤᠰ ᠤᠨ ᠪᠣᠯᠪᠠᠰᠤᠨ ᠤ ᠰᠦᠯᠵᠢᠶ᠎ᠡ︾ ᠵᠡᠷᠭᠡ ᠵᠠᠭᠤᠴᠢᠯᠠᠭᠤᠷ ᠤᠨ ᠬᠢᠨ ᠣᠯᠠᠨᠲᠠ ᠤᠬᠠᠭᠤᠯᠤᠨ ᠮᠡᠳᠡᠭᠡᠯᠡᠵᠦ ᠥᠩᠭᠡᠷᠡᠭᠰᠡᠨ ᠶᠤᠮ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ