ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ | 3 ᠰᠠᠷ᠎ᠠ ᠶᠢᠨ 4 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠶᠡᠭᠡ | ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠬᠤᠷᠠᠯᠳᠤᠭᠤᠯᠤᠭᠰᠠᠨ ᠲᠥᠯᠥᠭᠡᠯᠡᠭᠴᠢᠳ ᠤᠨ ᠪᠦᠯᠬᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠥᠯᠥᠭᠡᠯᠡᠭᠴᠢᠳ ᠤᠨ | ᠪᠦᠯᠬᠦᠮ ᠤᠨ ᠳᠠᠷᠤᠭ᠎ᠠ ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ | ᠣᠷᠣᠯᠴᠠᠵᠠᠢ᠃ | | | 3 ᠰᠠᠷ᠎ᠠ ᠶᠢᠨ 4 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠪᠡ᠃ | ᠰᠦᠨ ᠱᠣᠣ ᠴᠧᠩ᠂ ᠪᠢᠳᠡ ᠲᠥᠯᠥᠭᠡᠯᠡᠭᠴᠢᠳ ᠤᠨ ᠪᠦᠯᠬᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠣᠷᠣᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠯᠥᠭᠡᠯᠡᠭᠴᠢᠳ ᠶᠡᠭᠡ ᠬᠤᠷᠠᠯ ᠤᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠣᠨᠣᠪᠴᠢᠲᠠᠢ | ᠣᠶᠢᠯᠠᠭᠠᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠲᠣᠭᠲᠠᠭᠰᠠᠨ ᠴᠠᠭ ᠶᠣᠰᠣᠭᠠᠷ ᠬᠤᠷᠠᠯ ᠳᠤ ᠣᠷᠣᠯᠴᠠᠵᠤ᠂ ᠪᠥᠬᠦ ᠰᠡᠳᠬᠢᠯ ᠪᠥᠬᠦ | ᠵᠣᠷᠢᠭ ᠢᠶᠠᠷ ᠢᠶᠠᠨ ᠬᠢᠨᠠᠨ ᠵᠥᠪᠯᠡᠬᠦ ᠳᠤ ᠣᠷᠣᠯᠴᠠᠬᠤ ᠬᠡᠷᠡᠭᠲᠡᠢ᠃ ᠲᠥᠯᠥᠭᠡᠯᠡᠭᠴᠢᠳ ᠤᠨ ᠪᠦᠯᠬᠦᠮ ᠤᠨ ᠬᠤᠷᠠᠯ ᠤᠨ ᠶᠠᠪᠤᠳᠠᠯ ᠤᠨ ᠳᠤᠭᠤᠶᠢᠯᠠᠩ ᠤᠨ ᠬᠢᠨ ᠵᠣᠬᠢᠶᠠᠨ | ᠪᠠᠶᠢᠭᠤᠯᠵᠤ ᠦᠢᠯᠡᠴᠢᠯᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠪᠦᠷᠢᠨ ᠪᠣᠳᠣᠯᠬᠢᠯᠠᠵᠤ᠂ ᠭᠦᠢᠴᠡᠳ ᠲᠣᠬᠢᠷᠠᠭᠤᠯᠬᠤ ᠬᠡᠷᠡᠭᠲᠡᠢ᠃ ᠡᠯ᠎ᠡ ᠠᠵᠢᠯᠯᠠᠬᠤ | ᠳᠤᠭᠤᠶᠢᠯᠠᠩ ᠤᠨ ᠬᠤᠭᠤᠷᠣᠨᠳᠤ ᠪᠠᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠠᠵᠢᠯ ᠤᠨ | ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ | |