— ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠶᠢ ᠰᠤᠷᠪᠤᠯᠵᠢᠯᠠᠭᠰᠠᠨ ᠨᠢ ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠯᠢ | ᠰᠢᠶᠠ ︽ᠬᠤᠷᠢᠨᠭᠡᠷ ᠰᠢᠨ᠎ᠡ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠨ᠂ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ | ᠳᠡᠭᠡᠭᠰᠢᠯᠡᠭᠦᠯᠬᠦ ᠳᠤ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠵᠤ ᠪᠠᠶᠢᠨ᠎ᠠ︾᠃ | ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠷᠢᠨᠭᠡᠷ ᠰᠢᠨ᠎ᠡ | ᠲᠣᠭᠤᠷᠢᠭ ᠤᠨ ᠬᠢᠨ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠠᠬᠤᠢ ᠲᠠᠯᠠᠪᠠᠢ ᠶᠢᠨ ᠬᠤᠷᠠᠯ ᠤᠨ ᠠᠰᠢᠭᠲᠠᠢ ᠠᠵᠠ ᠲᠣᠬᠢᠶᠠᠯ ᠢ ᠠᠮᠵᠢᠵᠤ᠂ ᠬᠤᠷᠠᠯ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ᠂ ᠪᠦᠬᠦ ᠵᠢᠯ ᠤᠨ | ᠡᠭᠦᠷᠭᠡ ᠬᠠᠷᠠᠯᠲᠠ ᠪᠣᠯᠣᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠴᠢᠷᠮᠠᠶᠢᠨ ᠠᠵᠢᠯᠯᠠᠵᠤ᠂ ᠡᠯ᠎ᠡ ᠲᠦᠷᠦᠯ ᠤᠨ ᠠᠵᠢᠯ ᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠵᠤ ᠯᠠᠪᠳᠠᠭᠤᠨ ᠪᠠᠲᠤᠲᠠᠢ ᠠᠬᠢᠭᠤᠯᠪᠠ ᠭᠡᠯᠡ᠃ ᠵᠦ ᠵᠢᠶᠠᠨ ᠭᠦᠸᠧ ᠲᠠᠨᠢᠯᠴᠠᠭᠤᠯᠬᠤ ᠳᠠᠭᠠᠨ᠂ ᠲᠦᠷᠦᠭᠦᠤ ᠭᠤᠷᠪᠠᠨ ᠤᠯᠠᠷᠢᠯ ᠳᠤ ᠬᠤᠷᠢᠨᠭᠡᠷ | ᠰᠢᠨ᠎ᠡ ᠲᠣᠭᠤᠷᠢᠭ ᠤᠨ ᠡᠵᠡᠩᠨᠡᠯᠲᠡ ᠶᠢᠨ ᠣᠷᠣᠯᠭ᠎ᠠ 107.47 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.58% ᠪᠠᠷ | ᠨᠡᠮᠡᠭᠳᠡᠨ᠂ ᠵᠢᠯ ᠤᠨ ᠡᠭᠦᠷᠭᠡ ᠪᠠᠨ 89.56% ᠪᠠᠷ ᠪᠡᠶᠡᠯᠡᠭᠦᠯᠵᠡᠢ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 95.17 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 62.32% ᠨᠡᠮᠡᠭᠳᠡᠪᠡ᠃ ᠰᠢᠨ᠎ᠡ ᠪᠠᠷ ᠭᠡᠷ᠎ᠡ ᠲᠣᠭᠲᠠᠭᠰᠠᠨ ᠠᠵᠤ ᠦᠢᠯᠡᠰ ᠤᠨ ᠲᠥᠷᠥᠯ ᠵᠦᠢᠯ 64 ᠪᠠᠶᠢᠵᠤ᠂ | ᠶᠡᠷᠦᠩᠬᠡᠢ ᠪᠡᠯᠡ ᠣᠷᠣᠭᠤᠯᠤᠯᠲᠠ ᠨᠢ 266.7 ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ ᠰᠢᠨ᠎ᠡ ᠪᠠᠷ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ 37 ᠪᠠᠶᠢᠨ᠎ᠠ᠃ | ᠵᠦ ᠵᠢᠶᠠᠨ ᠭᠦᠸᠧ ᠬᠡᠯᠡᠭᠰᠡᠨ ᠨᠢ᠂ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠨ᠎ᠡ ᠲᠣᠭᠤᠷᠢᠭ ᠤᠨ ᠬᠢᠨ ᠪᠣᠳᠣᠯᠭ᠎ᠠ ᠶᠢᠨ ᠬᠦᠴᠦᠨ ᠤ ᠠᠵᠤ | ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠲᠤᠭ᠎ᠠ | ᠪᠠᠷᠢᠮᠲᠠ ᠶᠢᠨ ᠲᠥᠪ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠣᠨᠴᠠᠯᠢᠭ ᠪᠣᠯᠭᠠᠭᠰᠠᠨ | ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠵᠤ᠂ ︽ᠳᠡᠭᠡᠳᠦ ᠤᠷᠤᠰᠬᠠᠯ ᠢ ᠪᠤᠵᠠᠭᠠᠶᠢᠷᠠᠭᠤᠯᠬᠤ᠂ ᠳᠤᠮᠳᠠ ᠤᠷᠤᠰᠬᠠᠯ ᠢ | ᠰᠢᠯᠢᠳᠡᠭᠵᠢᠭᠦᠯᠬᠦ᠂ ᠳᠣᠣᠷᠠᠳᠤ ᠤᠷᠤᠰᠬᠠᠯ ᠢ ᠰᠠᠶᠢᠲᠤᠷ ᠬᠢᠬᠦ︾ ᠪᠠᠷ ᠴᠢᠭᠯᠡᠯ ᠪᠣᠯᠭᠠᠨ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠪᠢᠩ ᠰᠢᠩ | ᠰᠢᠨᠵᠢᠯᠡᠬᠦ ᠤᠬᠠᠭᠠᠨ ᠮᠡᠷᠭᠡᠵᠢᠯ᠂ ᠤᠯᠤᠰ ᠤᠨ ᠴᠠᠭ ᠠᠭᠤᠷ ᠤᠨ ᠲᠣᠪᠴᠢᠶ᠎ᠠ ︵ᠪᠠᠷᠠᠭᠤᠨ ᠣᠷᠣᠨ︶ ᠶᠢᠨ ᠪᠤᠳᠤᠬᠤ ᠬᠦᠴᠦᠨ ᠤ ᠲᠥᠪ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠪᠤᠳᠤᠬᠤ ᠠᠷᠭ᠎ᠠ᠂ ᠪᠣᠳᠣᠯᠭ᠎ᠠ ᠶᠢᠨ ᠡᠯᠧᠮᠧᠨ᠋ᠲ᠂ ᠪᠤᠳᠤᠬᠤ ᠬᠦᠴᠦᠨ ᠤ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢᠨ ᠰᠠᠶᠢᠨ ᠰᠠᠭᠤᠷᠢ ᠳᠤ ᠰᠠᠭᠤᠷᠢᠯᠠᠨ᠂ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢ | ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠲᠡᠶᠢᠰᠢ ᠤᠷᠲᠤᠳᠬᠠᠵᠤ᠂ ᠰᠢᠶᠠᠨ ᠬᠤᠩ SMT ᠬᠠᠪᠲᠠᠰᠤ ᠶᠢᠨ ᠦᠢᠯᠡᠳᠪᠦᠷᠢᠯᠡᠯ ᠵᠡᠷᠭᠡ ᠡᠳ᠋ ᠪᠠᠷᠠᠭᠠᠨ ᠤ | ᠮᠡᠳᠡᠭᠡ ᠵᠠᠩᠭᠢ ᠶᠢᠨ ᠰᠦᠯᠵᠢᠶ᠎ᠡ ᠶᠢᠨ ᠦᠵᠦᠭᠦᠷ ᠤᠨ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠥᠪᠥᠷ | ᠮᠣᠩᠭᠤᠯ ᠤᠨ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ | ᠭᠠᠷᠳᠠᠴᠠ ᠪᠣᠯᠭᠠᠵᠤ᠂ ᠲᠣᠭᠠᠴᠢᠯᠠᠭᠰᠠᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠡᠯᠪᠡᠷᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠪᠠ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠣᠷᠣᠨ ᠤ ᠲᠥᠪ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ︾ ᠳᠤ ᠬᠦᠴᠦᠨ ᠨᠡᠮᠡᠷᠢᠯᠡᠨ᠎ᠡ᠃ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠥᠬᠦ ᠬᠦᠴᠦᠨ ᠢᠶᠠᠷ ᠪᠠᠶᠢᠭᠤᠯᠤᠨ᠎ᠠ᠃ ᠠᠭᠠᠷ ᠤᠨ | ᠠᠵᠤ ᠠᠬᠤᠢ ᠶᠢᠨ ᠣᠷᠣᠨ ᠢ ᠲᠦᠷᠭᠡᠳᠬᠡᠨ ᠪᠠᠶᠢᠭᠤᠯᠵᠤ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠥᠪᠥᠷ ᠮᠣᠩᠭᠤᠯ ᠤᠨ ᠺᠣᠮᠫᠠᠨᠢ ᠶᠢᠨ ᠶᠡᠷᠦᠩᠬᠡᠢ | ᠬᠡᠯᠲᠡᠰ ᠤᠨ ᠰᠠᠭᠤᠷᠢᠨ ᠭᠠᠵᠠᠷ ᠪᠠ ᠮᠠᠰᠢᠨ ᠰᠡᠯᠪᠢᠨ ᠵᠠᠰᠠᠬᠤ ᠰᠠᠭᠤᠷᠢᠨ ᠭᠠᠵᠠᠷ ᠵᠡᠷᠭᠡ ᠪᠣᠯᠪᠠᠰᠤᠷᠠᠭᠤᠯᠬᠤ ᠪᠠ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ | ᠰᠦᠪᠡᠭᠴᠢᠯᠡᠨ ᠠᠬᠢᠭᠤᠯᠵᠤ᠂ ᠠᠭᠠᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠬᠤᠷᠢᠨᠭᠡᠷ | ᠰᠢᠨ᠎ᠡ ᠲᠣᠭᠤᠷᠢᠭ ᠨᠢ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶᠢᠨ᠎ᠠ᠃ ᠳᠡᠭᠡᠳᠦ ᠲᠡᠰ ᠤᠨ ᠠᠮᠢᠳᠤ | ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠠᠬᠢᠭᠤᠯᠵᠤ᠂ ᠪᠥᠸᠧ ᠤᠣ ᠠᠨᠠᠭᠠᠬᠤ ᠤᠬᠠᠭᠠᠨ ᠤ ᠰᠢᠯᠭᠠᠨ | ᠪᠠᠶᠢᠴᠠᠭᠠᠯᠲᠠ᠂ ᠲᠧᠷᠦ᠋ᠢᠯ ᠠᠮᠢᠳᠤ ᠪᠣᠳᠠᠰ᠂ ᠬᠤᠸᠠ ᠢᠦᠢ ᠠᠮᠢᠳᠤ ᠪᠣᠳᠠᠰ ᠵᠡᠷᠭᠡ ᠨᠢᠭᠡᠨᠲᠡ ᠠᠰᠢᠭᠯᠠᠯᠲᠠ ᠳᠤ ᠣᠷᠣᠭᠰᠠᠨ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠵᠦ᠂ ᠪᠥᠸᠧ ᠬᠤᠶ ᠠᠮᠢᠳᠤ ᠪᠣᠳᠠᠰ᠂ ᠺᠧ ᠲᠦᠸᠧ ᠠᠮᠢᠳᠤ ᠪᠣᠳᠠᠰ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠡᠷ ᠤᠨ ᠲᠡᠵᠢᠭᠡᠪᠦᠷᠢ ᠶᠢᠨ | ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠤᠰ ᠤᠨ | ᠮᠣᠩᠭᠤᠯ ᠡᠮ ᠤᠨ ᠨᠠᠶᠢᠷᠠᠯᠠᠭ᠎ᠠ ᠶᠢᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ | ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠶᠦᠨ ᠵᠥᠩ ᠱᠧᠩ ᠯᠧ | ᠠᠮᠠᠷᠠᠯᠲᠠ ᠶᠢᠨ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠶᠦᠨ ᠳ᠋ᠡ ᠲᠦᠷᠭᠡᠨ ᠬᠦᠷᠭᠡᠯᠲᠡ᠂ ᠰᠢ ᠪᠧᠢ ᠵᠢᠶᠠ ᠭᠦᠸᠧ ᠯᠦᠩ | ᠭᠦᠩ ᠹᠦ᠋ ᠨᠣᠭᠤᠭ᠎ᠠ᠂ ᠱᠧᠨ ᠲᠦᠩ ᠲᠦᠷᠭᠡᠨ ᠬᠦᠷᠭᠡᠯᠲᠡ ᠵᠡᠷᠭᠡ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠰᠣᠶᠣᠯ | ᠪᠡᠶ᠎ᠡ ᠶᠢᠨ ᠲᠠᠮᠢᠷ ᠤᠨ ᠪᠦᠲᠦᠭᠡᠯᠴᠢ ᠲᠥᠰᠥᠪᠯᠡᠯ ᠤᠨ ᠬᠦᠷᠢᠶᠡᠯᠡᠩ ᠲᠣᠭᠤᠷᠢᠭ ᠢ ᠡᠬᠢᠯᠡᠨ ᠪᠦᠲᠦᠭᠡᠨ ᠪᠠᠶᠢᠭᠤᠯᠤᠨ᠎ᠠ᠃ | ᠳᠡᠭᠡᠳᠦ ᠲᠠᠰ ᠤᠨ ᠣᠶᠣᠨᠲᠤ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠶᠣᠨᠲᠤ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ | ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢ ᠺᠦ᠋ ᠴᠠᠬᠢᠯᠭᠠᠨ᠂ ᠫᠠᠶᠢᠰᠧᠨ᠂ ᠠᠢ ᠰᠢᠨ ᠳ᠋ᠡ᠂ ᠬᠤᠸᠠᠨ ᠲᠧᠦ | ᠰᠠᠨ ᠾᠧ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠬᠢᠮᠡᠯ | ᠤᠶᠤᠨ᠂ ᠤᠶᠠᠨ ᠡᠯᠧᠺᠳ᠋ᠷᠣᠨ᠂ ᠭᠡᠷᠡᠯ ᠤᠨ ᠰᠠᠷᠠᠯᠵᠢ ᠶᠢᠨ ᠣᠶᠤᠨᠴᠢ ᠦᠢᠯᠡᠳᠬᠡᠯ ᠤᠨ ᠲᠣᠭᠤᠷᠢᠨ ᠳᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠶᠢ ᠲᠦᠷᠭᠡᠳᠬᠡᠨ᠎ᠡ᠃ ᠡᠭᠦᠨ ᠤ ᠬᠠᠮᠲᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠴᠠᠬᠢᠯᠭᠠᠨ ᠬᠦᠴᠦᠨ ᠤ ᠢᠨᠵᠧᠨᠧᠷᠢᠩ᠂ ᠰᠢᠭᠤᠳ ᠤᠤᠭᠤᠬᠤ ᠤᠰᠤᠨ ᠤ ᠥᠷᠲᠡᠭᠡ᠂ | ᠰᠢᠲᠠᠮᠠᠬᠠᠢ ᠬᠡᠢ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠥᠷ | ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ | ᠳᠡᠭᠡᠳᠦ ᠰᠤᠷᠭᠠᠭᠤᠯᠢ᠂ ᠬᠤᠷᠢᠨᠭᠡᠷ ᠰᠢᠨ᠎ᠡ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠥᠮᠥᠨ ᠠᠮᠠ ᠶᠢᠨ ᠴᠤᠭᠯᠠᠷᠠᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ᠵᠦ ᠵᠢᠶᠠᠨ ᠭᠦᠸᠧ᠂ ᠬᠤᠷᠢᠨᠭᠡᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠵᠠᠩᠭᠢᠯᠠᠭ᠎ᠠ ᠨᠢ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠠᠳᠬᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠤᠯᠠᠮᠵᠢᠯᠠᠯᠲᠤ ᠰᠡᠳᠬᠢᠬᠦᠢ ᠶᠢ | ᠡᠪᠳᠡᠨ᠂ ᠥᠭᠡᠷᠡᠴᠢᠯᠡᠯᠲᠡ ᠶᠢᠨ ᠰᠡᠳᠬᠢᠬᠦᠢ᠂ ᠨᠡᠭᠡᠭᠡᠯᠲᠡᠲᠤ ᠰᠡᠳᠬᠢᠬᠦᠢ᠂ ᠵᠠᠬ᠎ᠠ ᠳᠡᠯᠭᠡᠭᠦᠷ ᠤᠨ ᠰᠡᠳᠬᠢᠬᠦᠢ ᠪᠠᠷ ᠵᠠᠰᠠᠭ ᠠᠵᠤ ᠠᠬᠤᠶᠢᠯᠠᠯ ᠢ ᠨᠢᠭᠡ | ᠴᠣᠭᠴᠠᠵᠢᠭᠤᠯᠬᠤ᠂ ᠵᠠᠬᠢᠶᠠᠯᠠᠭ᠎ᠠ᠂ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠬᠤ ᠬᠡᠯᠪᠡᠷᠢ᠂ ᠬᠥᠷᠥᠩᠭᠡ ᠪᠠᠷ ᠡᠨᠧᠷᠭᠢ ᠣᠯᠭᠤᠬᠤ ᠬᠡᠯᠪᠡᠷᠢ ᠶᠢᠨ ᠬᠤᠳᠠᠯᠳᠤᠭᠠᠴᠢᠨ | ᠤᠷᠢᠬᠤ ᠶᠢ ᠭᠤᠣᠯᠳᠠᠯᠭ᠎ᠠ ᠲᠠᠢ ᠠᠬᠢᠭᠤᠯᠵᠤ᠂ ᠨᠡᠩ ᠤᠯᠠᠨ ᠰᠠᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠥᠭᠵᠢᠭᠦᠯᠦᠨ᠎ᠡ ᠭᠡᠯᠡ᠃ |