ᠪᠥᠬᠦ ᠣᠷᠣᠨ ᠤ ᠮᠡᠷᠭᠡᠵᠢᠯ ᠤᠨ ᠠᠵᠢᠯᠴᠢᠨ ᠤ ᠶᠡᠭᠡ ᠳᠡᠭᠡᠳᠦ ᠰᠤᠷᠭᠠᠭᠤᠯᠢ ᠪᠣᠯᠣᠨ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/6
ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ᠄       ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ︾ ᠶᠢᠨ ᠲᠣᠭᠲᠠᠭᠠᠯ ᠢ ᠡᠷᠡᠰ ᠭᠦᠢᠴᠡᠳᠬᠡᠬᠦ ᠶᠢᠨ ᠲᠥᠯᠥᠭᠡ᠂ ᠡᠳᠦᠭᠡ ᠪᠥᠬᠦ ᠣᠷᠣᠨ ᠤ ᠮᠡᠷᠭᠡᠵᠢᠯ ᠤᠨ ᠠᠵᠢᠯᠴᠢᠨ ᠤ ᠶᠡᠭᠡ ᠳᠡᠭᠡᠳᠦ ᠰᠤᠷᠭᠠᠭᠤᠯᠢ ᠪᠣᠯᠣᠨ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ︵ᠳᠣᠷᠣᠭᠰᠢ ᠶᠡᠭᠡ ᠳᠡᠭᠡᠳᠦ ᠰᠤᠷᠭᠠᠭᠤᠯᠢ ᠭᠡᠵᠦ ᠲᠣᠪᠴᠢᠯᠠᠨ᠎ᠠ︶ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠶᠡᠭᠡ ᠳᠡᠭᠡᠳᠦ ᠰᠤᠷᠭᠠᠭᠤᠯᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠴᠢᠩᠭ᠎ᠠ ᠪᠥᠭᠡᠳ ᠪᠣᠳᠠᠲᠠᠢ ᠰᠠᠶᠢᠲᠤᠷ ᠠᠳᠬᠤᠬᠤ ᠬᠡᠷᠡᠭᠲᠡᠶ᠃       ᠰᠢᠨ᠎ᠡ ᠰᠤᠷᠤᠯᠭ᠎ᠠ ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶᠢᠷ᠎ᠠ ᠶᠢᠨ ᠬᠤᠭᠤᠴᠠᠭᠠᠨ ᠠᠴᠠ ᠨᠠᠭᠠᠰᠢᠬᠢ ᠪᠦᠬᠦ ᠤᠯᠤᠰ ᠲᠤ ᠡᠭᠦᠰᠦᠭᠰᠡᠨ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠬᠠᠷᠢᠶ᠎ᠠ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠣᠨ ᠤ ᠠᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠢᠳᠡᠪᠬᠢᠲᠡᠢ ᠵᠣᠬᠢᠴᠠᠭᠤᠯᠤᠨ ᠵᠢᠯᠤᠭᠤᠳᠴᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠰᠢᠨ᠎ᠡ ᠵᠢᠯ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠲᠤᠷ ᠡᠬᠢᠯᠡᠭᠦᠯᠬᠦ ᠬᠡᠷᠡᠭᠲᠡᠢ᠃ ︽2024 ᠣᠨ ᠤ ᠰᠢᠨ᠎ᠡ ᠵᠢᠯ᠂ ᠴᠠᠭᠠᠨ ᠰᠠᠷ᠎ᠠ ᠪᠠ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠣᠷᠣᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠵᠠᠬᠢᠳᠠᠯ ︹2023︺ 283 ᠳ᠋ᠤᠭᠠᠷ ᠲᠣᠭᠠᠲᠤ︶᠂ ︽ᠪᠥᠬᠦ ᠣᠷᠣᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠦᠬᠦᠢ ᠨᠢᠭᠡᠴᠢ ᠶᠢᠨ ᠭᠠᠯ ᠤᠨ ᠠᠶᠤᠯ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠭᠤᠯᠤᠮᠵᠢ ᠶᠢᠨ ᠵᠠᠬᠢᠳᠠᠯ︾ ᠵᠡᠷᠭᠡ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠨᠢ ᠠᠶᠤᠯᠭᠦᠢ ᠦᠢᠯᠡᠳᠪᠦᠷᠢᠯᠡᠯ ᠤᠨ ᠳᠦᠷᠢᠮ ᠢ ᠲᠤᠭᠤᠰᠢᠲᠠᠢ ᠪᠦᠷᠢᠨᠰᠢᠭᠦᠯᠦᠨ ᠨᠠᠶᠢᠳᠠᠪᠤᠷᠢᠵᠢᠭᠤᠯᠤᠭᠰᠠᠨ ᠡᠰᠡᠬᠦ᠂ ᠬᠠᠷᠢᠭᠤᠴᠠᠯᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠤᠭᠰᠠᠨ ᠡᠰᠡᠬᠦ᠂ ᠲᠤᠭᠤᠰᠢᠲᠠᠢ ᠵᠢᠭᠰᠠᠭᠠᠨ ᠪᠠᠶᠢᠴᠠᠭᠠᠭᠰᠠᠨ ᠡᠰᠡᠬᠦ᠂ ᠲᠤᠭᠤᠰᠢᠲᠠᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠶᠢ ᠵᠦᠢᠯ ᠵᠤᠷᠪᠤᠰ ᠳᠠᠷᠠᠭᠠᠯᠠᠨ ᠪᠠᠶᠢᠴᠠᠭᠠᠬᠤ ᠬᠡᠷᠡᠭᠲᠡᠢ᠃ ᠬᠡᠯᠪᠡᠷᠢ ᠶᠢᠨ ᠲᠡᠳᠦᠢ ᠪᠠᠶᠢᠴᠠᠭᠠᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠳ ᠢ ᠴᠢᠩᠭ᠎ᠠ ᠰᠢᠢᠳᠪᠦᠷᠢᠯᠡᠵᠦ᠂ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠲᠤᠬᠠᠶᠢᠯᠠᠭᠰᠠᠨ ᠠᠵᠢᠯ ᠥᠷᠨᠢᠭᠦᠯᠬᠦ ᠪᠠᠨ ᠳᠠᠷᠦ᠋ᠢᠬᠠᠨ ᠲᠦᠷ ᠵᠣᠭᠰᠤᠭᠠᠬᠤ ᠶᠢᠨ ᠬᠠᠮᠲᠤ ᠣᠨ ᠤ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠨᠡᠷᠡᠰ ᠢ ᠴᠤᠭᠯᠠᠭᠤᠯᠬᠤ ᠳᠤᠮᠳᠠ ᠨᠢᠭᠡ ᠯᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠬᠦ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠰᠤᠷᠭᠠᠭᠤᠯᠢ ᠡᠬᠢᠯᠡᠬᠦ ᠠᠴᠠ ᠡᠮᠦᠨᠡᠬᠢ ᠨᠢᠭᠡ ᠭᠠᠷᠠᠭ ᠪᠠ ᠰᠤᠷᠭᠠᠭᠤᠯᠢ ᠡᠬᠢᠯᠡᠭᠰᠡᠨ ᠤ ᠳᠠᠷᠠᠭᠠᠬᠢ ᠨᠢᠭᠡ ᠭᠠᠷᠠᠭ ᠤᠨ ᠴᠠᠭ ᠢ ᠭᠦᠢᠴᠡᠳ ᠠᠰᠢᠭᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠡᠯ᠎ᠡ ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠴᠠᠭ ᠢ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠳᠣᠲᠣᠷᠠᠬᠢ ᠪᠠᠷᠢᠯᠭ᠎ᠠ ᠶᠢᠨ ᠤᠰᠤ ᠬᠡᠷᠡᠭᠯᠡᠬᠦ ᠬᠤᠭᠤᠯᠠᠢ ᠵᠢᠴᠢ ᠴᠠᠬᠢᠯᠭᠠᠨ ᠬᠡᠷᠡᠭᠯᠡᠬᠦ ᠬᠡᠯᠬᠢᠶ᠎ᠡ ᠶᠢᠨ ᠠᠮᠤᠷ ᠲᠦᠪᠰᠢᠨ᠂ ᠳᠠᠳᠤᠯᠭ᠎ᠠ ᠪᠣᠯᠪᠠᠰᠤᠷᠠᠯ ᠳᠤ ᠬᠡᠷᠡᠭᠯᠡᠬᠦ ᠲᠣᠮᠣ ᠴᠢᠳᠠᠮᠵᠢ ᠲᠠᠢ ᠲᠣᠨᠤᠭ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠭᠠᠯ ᠤᠨᠲᠠᠷᠠᠭᠠᠬᠤ ᠵᠠᠮ ᠰᠤᠪᠠᠭ ᠵᠢᠴᠢ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠵᠦ ᠰᠡᠯᠪᠢᠨ ᠵᠠᠰᠠᠬᠤ᠂ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ ᠠᠮᠤᠷ ᠲᠦᠪᠰᠢᠨ᠂ ᠳᠠᠳᠤᠯᠭ᠎ᠠ ᠬᠢᠬᠦ ᠳᠤ ᠬᠡᠷᠡᠭᠰᠡᠬᠦ ᠮᠠᠲ᠋ᠧᠷᠢᠶᠠᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠮᠤᠷ ᠲᠦᠪᠰᠢᠨ᠂ ᠬᠤᠭᠤᠯᠠᠨ ᠭᠡᠷ ᠤᠨ ᠬᠡᠷᠡᠭᠯᠡᠬᠦ ᠢᠯᠡ ᠭᠠᠯ ᠵᠢᠴᠢ ᠰᠢᠲᠠᠮᠠᠬᠠᠢ ᠬᠡᠢ ᠶᠢᠨ ᠠᠮᠤᠷ ᠲᠦᠪᠰᠢᠨ᠂ ᠰᠤᠷᠭᠠᠭᠤᠯᠢ ᠶᠢᠨ ᠳᠣᠲᠣᠷᠠᠬᠢ ᠬᠠᠮ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠵᠢᠴᠢ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠤᠨ ᠠᠮᠤᠷ ᠲᠦᠪᠰᠢᠨ ᠵᠡᠷᠭᠡ ᠴᠢᠬᠤᠯᠠ ᠲᠠᠯᠠᠪᠤᠷ ᠭᠠᠵᠠᠷ ᠤᠨ ᠭᠤᠣᠯᠳᠠᠯᠭ᠎ᠠ ᠲᠠᠢ ᠭᠤᠭᠴᠤᠭ᠎ᠠ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠬᠠᠮᠢᠶᠠᠷᠤᠯᠲᠠ ᠶᠢᠨ ᠬᠤᠭᠤᠰᠤᠨ ᠣᠷᠣᠨ ᠪᠠ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠳᠡᠢ᠃ ᠰᠤᠷᠭᠠᠭᠤᠯᠢ ᠡᠬᠢᠯᠡᠬᠦ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠠᠷᠢᠭᠤᠨ ᠴᠡᠪᠡᠷ ᠢ ᠴᠡᠪᠡᠷᠯᠡᠬᠦ᠂ ᠠᠷᠢᠭᠤᠳᠬᠠᠬᠤ ᠪᠠ ᠰᠤᠷᠭᠠᠭᠤᠯᠢ ᠡᠬᠢᠯᠡᠭᠰᠡᠨ ᠤ ᠳᠠᠷᠠᠭᠠᠬᠢ ᠰᠤᠷᠭᠠᠭᠤᠯᠢ ᠶᠢᠨ ᠡᠭᠦᠳᠡᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠭᠠᠳᠠᠨ᠎ᠠ ᠠᠴᠠ ᠢᠷᠡᠭᠰᠡᠨ ᠬᠥᠮᠥᠰ ᠢ ᠳᠠᠩᠰᠠᠯᠠᠬᠤ ᠬᠡᠷᠡᠭᠲᠡᠶ᠃ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠥᠷᠨᠢᠭᠦᠯᠦᠭᠰᠡᠨ ᠠᠮᠤᠷ ᠲᠦᠪᠰᠢᠨ ᠤ ᠪᠠᠶᠢᠴᠠᠭᠠᠯᠲᠠ ᠳᠤ ᠲᠣᠳᠣᠷᠬᠠᠢ ᠲᠡᠮᠳᠡᠭᠯᠡᠯ ᠬᠢᠵᠦ᠂ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠲᠡᠮᠳᠡᠭᠯᠡᠨ ᠲᠣᠳᠣᠷᠬᠠᠢ ᠢᠯᠡᠳᠬᠡᠵᠦ᠂ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ︽ᠡᠷᠭᠢᠵᠦ ᠬᠠᠷᠠᠬᠤ︾ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠥᠬᠦ ᠠᠵᠢᠯ ᠤᠨ ᠲᠡᠷᠢᠭᠦᠨ ᠳᠤ ᠲᠠᠯᠪᠢᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃       ᠬᠤᠶᠠᠷ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢ ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ ᠳᠤ ᠵᠢᠭᠰᠠᠭᠠᠨ ᠣᠷᠣᠭᠤᠯᠬᠤ ᠬᠡᠷᠡᠭᠳᠡᠢ       ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠡᠯ᠎ᠡ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢ ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ ᠳᠤ ᠣᠷᠣᠭᠤᠯᠵᠤ᠂ ᠪᠥᠬᠦ ᠪᠠᠭᠰᠢ ᠰᠤᠷᠤᠭᠴᠢᠳ ᠲᠤ ᠬᠠᠨᠳᠤᠭᠤᠯᠤᠨ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠤᠬᠠᠭᠤᠯᠤᠨ ᠲᠠᠶᠢᠯᠪᠤᠷᠢᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠳᠡᠯ ᠢ ᠰᠢᠢᠳᠪᠦᠷᠢᠯᠡᠬᠦ ᠠᠷᠭ᠎ᠠ ᠬᠡᠯᠪᠡᠷᠢ ᠵᠢᠴᠢ ᠭᠡᠨᠡᠳᠲᠡ ᠶᠢᠨ ᠡᠭᠦᠰᠬᠦ ᠠᠳᠡᠯ ᠤᠨ ᠬᠠᠷᠢᠯᠴᠠᠬᠤ ᠬᠥᠮᠥᠨ ᠤ ᠮᠡᠳᠡᠭᠡ ᠵᠠᠩᠭᠢ ᠶᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠭᠠᠵᠤ ᠠᠮᠢ ᠵᠢᠭᠤᠲᠠᠵᠤ ᠵᠠᠶᠢᠯᠠᠬᠤ ᠵᠠᠮ ᠱᠤᠭᠤᠮ ᠢ ᠰᠤᠷᠭᠠᠭᠤᠯᠢ ᠶᠢᠨ ᠳᠣᠲᠣᠷᠠᠬᠢ ᠬᠥᠮᠥᠨ ᠨᠢᠭᠡᠪᠦᠷᠢ ᠳᠤ ᠬᠡᠯᠡᠵᠦ ᠥᠭᠴᠦ ᠮᠡᠳᠡᠭᠦᠯᠬᠦ ᠬᠡᠷᠡᠭᠲᠡᠶ᠃ ᠡᠯ᠎ᠡ ᠮᠡᠷᠭᠡᠵᠢᠯ ᠤᠨ ᠠᠵᠢᠯᠴᠢᠨ ᠤ ᠶᠡᠭᠡ ᠳᠡᠭᠡᠳᠦ ᠰᠤᠷᠭᠠᠭᠤᠯᠢ ᠰᠡᠳᠬᠢᠴᠡ ᠶᠢᠨ ᠡᠷᠡᠭᠦᠯ ᠮᠠᠨᠳᠤ ᠶᠢᠨ ᠬᠥᠮᠦᠵᠢᠯ ᠢ ᠢᠳᠡᠪᠬᠢᠲᠡᠢ ᠥᠷᠨᠢᠭᠦᠯᠵᠦ᠂ ᠠᠩᠭᠢ ᠶᠢᠨ ᠡᠷᠬᠢᠯᠡᠭᠴᠢ ᠠᠴᠠ ᠰᠤᠷᠤᠭᠴᠢᠳ ᠤᠨ ᠰᠡᠳᠬᠢᠴᠡ ᠶᠢᠨ ᠬᠥᠳᠡᠯᠦᠯ ᠪᠠᠶᠢᠳᠠᠯ ᠢ ᠨᠠᠷᠢᠨ ᠬᠢᠨᠠᠮᠠᠭᠠᠢ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠬᠦᠴᠦᠷᠬᠡᠭᠯᠡᠯ ᠤᠨ ᠬᠡᠷᠡᠭ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠪᠠᠭᠰᠢ ᠨᠠᠷ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠯᠭᠡ᠂ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠬᠢᠴᠢᠶᠡᠯ ᠨᠢᠭᠡᠪᠦᠷᠢ ᠶᠢᠨ ᠵᠠᠪᠠᠯ ᠵᠢᠭᠠᠬᠤ ᠠᠭᠤᠯᠭ᠎ᠠ ᠪᠣᠯᠭᠠᠵᠤ᠂ ᠬᠢᠴᠢᠶᠡᠯ ᠢᠶᠠᠨ ᠨᠠᠷᠢᠨ ᠬᠢᠨᠠᠮᠠᠭᠠᠢ ᠪᠡᠯᠡᠳᠬᠡᠵᠦ᠂ ᠨᠠᠷᠢᠨ ᠬᠢᠨᠠᠮᠠᠭᠠᠢ ᠵᠢᠭᠠᠬᠤ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠨᠢ ᠰᠤᠷᠭᠠᠭᠤᠯᠢ ᠡᠬᠢᠯᠡᠭᠰᠡᠨ ᠤ ᠳᠠᠷᠠᠭᠠᠬᠢ ᠨᠢᠭᠡ ᠭᠠᠷᠠᠭ ᠤᠨ ᠳᠣᠲᠣᠷ᠎ᠠ ᠠᠩᠭᠢ ᠪᠦᠯᠬᠦᠮ ᠤᠨ ᠠᠵᠢᠯᠯᠠᠭ᠎ᠠ᠂ ᠤᠯᠤᠰ ᠤᠨ ᠲᠤᠭ ᠮᠠᠨᠳᠤᠭᠤᠯᠬᠤ ᠶᠣᠰᠣᠯᠠᠯ᠂ ᠲᠠᠶᠢᠯᠤᠮᠵᠢ ᠬᠢᠬᠦ ᠠᠵᠢᠯᠯᠠᠭ᠎ᠠ᠂ ᠰᠠᠮᠪᠠᠷ᠎ᠠ ᠶᠢᠨ ᠰᠣᠨᠢᠨ ᠰᠤᠷᠭᠠᠭᠤᠯᠢ ᠶᠢᠨ ᠰᠣᠨᠢᠨ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠰᠤᠷᠭᠠᠭᠤᠯᠢ ᠶᠢᠨ ᠳᠣᠲᠣᠷᠠᠬᠢ ᠰᠤᠷᠤᠯᠴᠠᠯᠭ᠎ᠠ ᠠᠮᠢᠳᠤᠷᠠᠯ ᠳᠤᠮᠳᠠ ᠲᠣᠬᠢᠶᠠᠯᠳᠤᠵᠤ ᠮᠡᠳᠡᠬᠦ ᠠᠮᠤᠷ ᠲᠦᠪᠰᠢᠨ ᠤ ᠬᠡᠮ ᠰᠣᠭᠤᠭ ᠢ ᠥᠷᠭᠡᠨ ᠢᠶᠠᠷ ᠤᠬᠠᠭᠤᠯᠵᠤ᠂ ᠪᠠᠭᠰᠢ ᠰᠤᠷᠤᠭᠴᠢᠳ ᠢ ᠬᠥᠲᠥᠯᠥᠨ ᠵᠢᠯᠤᠭᠤᠳᠴᠤ ᠰᠤᠷᠭᠠᠭᠤᠯᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠣᠷᠣᠯᠴᠠᠭᠴᠢ ᠪᠠ ᠰᠠᠬᠢᠨ ᠬᠠᠮᠠᠭᠠᠯᠠᠭᠴᠢ ᠪᠣᠯᠭᠠᠬᠤ ᠬᠡᠷᠡᠭᠲᠡᠶ᠃       ᠭᠤᠷᠪᠠ᠂ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠮᠤᠷ ᠲᠦᠪᠰᠢᠨ ᠡᠮᠬᠢ ᠵᠢᠷᠤᠮ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠳᠡᠢ᠃       ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠠᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠵᠢᠯ ᠤᠨ ᠲᠥᠰᠥᠯ ᠢ ᠲᠣᠭᠲᠠᠭᠠᠨ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠭᠡ ᠳᠡᠭᠡᠳᠦ ᠰᠤᠷᠭᠠᠭᠤᠯᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠢᠯᠡᠷᠡᠭᠦᠯᠦᠭᠰᠡᠨ ᠠᠰᠠᠭᠤᠳᠠᠯ ᠢ ᠰᠠᠶᠢᠲᠤᠷ ᠲᠡᠮᠳᠡᠭᠯᠡᠵᠦ᠂ ᠨᠡᠶᠢᠲᠡᠯᠢᠭ ᠠᠰᠠᠭᠤᠳᠠᠯ ᠢ ᠵᠠᠷᠯᠠᠨ ᠨᠡᠶᠢᠲᠡᠯᠡᠬᠦ ᠬᠡᠷᠡᠭᠲᠡᠶ᠃ ᠡᠭᠦᠨ ᠤ ᠬᠠᠮᠲᠤ᠂       ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠪᠠᠷ ᠵᠣᠬᠢᠴᠠᠭᠤᠯᠵᠤ ᠶᠡᠭᠡ ᠳᠡᠭᠡᠳᠦ ᠰᠤᠷᠭᠠᠭᠤᠯᠢ ᠶᠢ ᠬᠠᠪᠰᠤᠷᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠤ ᠡᠮᠬᠢ ᠳᠢᠭᠯᠢᠮ ᠢ ᠪᠠᠶᠢᠭᠤᠯᠬᠤ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠠᠩᠭᠢ ᠶᠢᠨ ᠡᠷᠬᠢᠯᠡᠭᠴᠢ᠂ ᠰᠤᠷᠤᠭᠴᠢᠳ ᠤᠨ ᠵᠥᠪᠯᠡᠯ ᠤᠨ ᠠᠵᠢᠯ ᠤᠨ ᠲᠣᠣᠷ ᠰᠦᠯᠵᠢᠶ᠎ᠡ ᠪᠠ ︽ᠭᠡᠷ ᠪᠦᠯᠢ ᠪᠠ ᠰᠤᠷᠭᠠᠭᠤᠯᠢ ᠬᠠᠮᠲᠤ ᠪᠠᠷ ᠪᠠᠶᠢᠭᠤᠯᠬᠤ︾ ᠲᠠᠪᠴᠠᠩ ᠢ ᠰᠠᠶᠢᠲᠤᠷ ᠠᠰᠢᠭᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠮᠤᠷ ᠲᠦᠪᠰᠢᠨ᠂ ᠡᠷᠡᠭᠦᠯ ᠴᠢᠭᠢᠷᠠᠭ᠂ ᠡᠮᠬᠢ ᠵᠢᠷᠤᠮ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ 3 ᠰᠠᠷ᠎ᠠ ᠶᠢᠨ 15 ᠤ ᠡᠳᠦᠷ ᠠᠴᠠ ᠡᠮᠦᠨ᠎ᠡ᠂ ᠶᠡᠭᠡ ᠳᠡᠭᠡᠳᠦ ᠰᠤᠷᠭᠠᠭᠤᠯᠢ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ 2024 ᠣᠨ ᠤ ᠰᠢᠨ᠎ᠡ ᠵᠢᠯ᠂ ᠴᠠᠭᠠᠨ ᠰᠠᠷ᠎ᠠ ᠪᠠ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠣᠷᠣᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃       ᠬᠠᠷᠢᠯᠴᠠᠬᠤ ᠬᠥᠮᠥᠨ᠄ ᠫᠠᠩ ᠳ᠋ᠦᠩ ᠢᠦᠢ       ᠬᠠᠷᠢᠯᠴᠠᠬᠤ ᠤᠲᠠᠰᠤ᠄ ︵0471︶ 6944622             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ                                             2024 ᠣᠨ ᠤ 2 ᠰᠠᠷ᠎ᠠ ᠶᠢᠨ 23 ᠤ ᠡᠳᠦᠷ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ