ᠮᠡᠨᠲᠤ ᠭᠤᠣᠯ ᠤᠨ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠭᠡᠷ ᠪᠠᠶᠢᠭᠤᠯᠬᠤ ᠶᠢ ᠵᠥᠪᠰᠢᠶᠡᠷᠡᠭᠰᠡᠨ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/3/6
ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄        ᠲᠠᠨ ᠤ ᠲᠣᠪᠴᠢᠶ᠎ᠠ ᠶᠢᠨ ︽ᠮᠡᠨᠲᠤ ᠭᠤᠣᠯ ᠤᠨ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠭᠡᠷ ᠪᠠᠶᠢᠭᠤᠯᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠤᠢ ᠨᠤᠲᠤᠭ ᠲᠠᠷᠬᠠᠭᠠᠭᠰᠠᠨ ﹇2024﹈ 29 ᠳ᠋ᠤᠭᠡᠷ ᠲᠣᠭᠠᠲᠤ︶ ᠶᠢ ᠲᠤᠰᠴᠤ ᠠᠪᠤᠯ᠎ᠠ᠂ ᠰᠤᠳᠤᠯᠬᠤ ᠪᠠᠷ ᠳᠡᠮᠵᠢᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄        ᠨᠢᠭᠡ᠂ ᠲᠠᠨ ᠤ ᠲᠣᠪᠴᠢᠶ᠎ᠠ ᠶᠢᠨ ᠮᠡᠨᠲᠤ ᠭᠤᠣᠯ ᠤᠨ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠭᠡᠷ ︵ᠳᠣᠷᠣᠭᠰᠢ ︽ᠠᠯᠪᠠᠨ ᠭᠡᠷ︾ ᠭᠡᠵᠦ ᠲᠣᠪᠴᠢᠯᠠᠨ᠎ᠠ︶ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠂ ᠴᠢᠦᠢ ᠬᠠᠢ ᠵᠢᠶᠦ᠋ᠨ ᠨᠥᠬᠦᠷ ᠢᠶᠠᠷ ᠠᠯᠪᠠᠨ ᠭᠡᠷ ᠤᠨ ᠬᠠᠷᠢᠭᠤᠴᠠᠯᠭᠠᠲᠠᠨ ᠪᠤᠯᠭᠠᠬᠤ ᠶᠢ ᠵᠠᠷᠴᠢᠮ ᠳᠡᠭᠡᠷ᠎ᠡ ᠪᠠᠨ ᠵᠦᠪᠰᠢᠶᠡᠷᠡᠨ᠎ᠡ᠃        ᠬᠤᠶᠠᠷ᠂ ᠲᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠵᠢᠴᠢ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠠᠯᠪᠠᠨ ᠭᠡᠷ ᠢ ᠰᠢᠮᠳᠠᠭᠤᠯᠵᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠵᠠᠮ ᠱᠤᠭᠤᠮ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃        ᠭᠤᠷᠪᠠ᠂ ᠲᠠᠨ ᠤ ᠲᠣᠪᠴᠢᠶ᠎ᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠠᠯᠪᠠᠨ ᠭᠡᠷ ᠢ ᠰᠢᠮᠳᠠᠭᠤᠯᠳ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠡᠯ᠎ᠡ ᠲᠠᠯ᠎ᠠ ᠶᠢᠨ ᠭᠤᠣᠯ ᠴᠣᠭᠴᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠶᠢ ᠬᠠᠮᠲᠤᠪᠠᠷ ᠪᠠᠲᠤᠯᠠᠭᠠᠷᠠᠢ᠃       ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                             2024 ᠣᠨ ᠤ 2 ᠰᠠᠷ᠎ᠠ ᠶᠢᠨ 8 ᠤ       ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ